| 6 ᠳ᠋ᠤᠭᠠᠷ ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ | ᠬᠤᠸᠠ ᠷᠦᠢ ᠹᠧᠩ ᠪᠦᠯᠬᠦᠮ ᠳᠠᠭᠠᠭᠤᠯᠤᠨ ᠡᠵᠡᠨ ᠬᠤᠷᠤᠭ᠎ᠠ ᠪᠠᠯᠭᠠᠰᠤ᠂ ᠬᠤᠨᠢᠴᠢᠡᠭᠤᠤᠯ ᠪᠠᠯᠭᠠᠰᠤ᠂ ᠰᠤᠪᠤᠷᠭ᠎ᠠ ᠪᠠᠯᠭᠠᠰᠤᠨ ᠳᠤ ᠬᠦᠷᠴᠦ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ | ᠡᠷᠬᠢᠯᠡᠭᠴᠢ ᠵᠤᠤ ᠸᠧᠢ᠂ ᠬᠤᠰᠢᠭᠤ ᠳᠡᠳ᠋ ᠳᠠᠷᠤᠭ᠎ᠠ ᠯᠢᠦ ᠰᠢᠶᠣᠤ ᠳ᠋ᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ | ᠬᠤᠸᠠ ᠷᠦᠢ ᠹᠧᠩ ᠤᠷᠢᠳ ᠬᠤᠵᠢᠳ ᠴᠠᠭᠠᠨ ᠥᠳᠥᠲᠦ ᠲᠠᠬᠢᠶ᠎ᠠ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠣᠶᠢᠯ᠂ ᠭᠠᠨᠵᠤᠤᠷ ᠤᠨ | ᠰᠦᠮ᠎ᠡ ᠲᠣᠰᠬᠤᠨ ᠤ ᠴᠢᠴᠠᠷᠭᠠᠨ᠎ᠠ ᠲᠠᠷᠢᠵᠣ ᠪᠤᠶᠢᠵᠢᠭᠤᠯᠬᠤ ᠰᠠᠭᠤᠷᠢᠨ ᠭᠠᠵᠠᠷ᠂ ᠪᠤᠯᠠᠭ ᠭᠠᠴᠠᠭᠠᠨ ᠤ ᠶᠡᠭᠡ ᠰᠡᠭᠦᠯᠲᠦ ᠬᠤᠨᠢᠨ ᠤ ᠲᠥᠷᠥᠯ ᠵᠣᠶᠢᠯ᠂ ᠰᠢᠬᠤᠢ ᠶᠢᠨ | ᠰᠦᠮ᠎ᠡ ᠭᠠᠴᠠᠭᠠᠨ ᠤ ᠢᠩᠭᠡᠨ ᠰᠦᠨ ᠤ ᠴᠠᠭᠠᠨ ᠢᠳᠡᠭᠡ ᠪᠣᠯᠪᠠᠰᠤᠷᠠᠭᠤᠯᠬᠤ ᠦᠢᠯᠡᠳᠪᠦᠷᠢ ᠵᠡᠷᠭᠡ ᠭᠠᠵᠠᠷ ᠢᠶᠠᠷ ᠬᠦᠷᠴᠤ᠂ ᠬᠠᠮᠢᠶ᠎ᠠ ᠪᠦᠬᠦᠢ ᠲᠥᠷᠥᠯ ᠵᠣᠶᠢᠯ ᠤᠨ | ᠪᠦᠲᠦᠭᠡᠨ ᠪᠠᠶᠢᠭᠤᠯᠤᠯᠲᠠ ᠶᠢᠨ ᠠᠬᠢᠴᠠ᠂ ᠠᠵᠢᠯ ᠣᠯᠭᠤᠬᠤ᠂ ᠵᠠᠬ᠎ᠠ ᠳᠡᠯᠭᠡᠭᠦᠷ ᠤᠨ ᠪᠣᠷᠣᠯᠠᠭᠤᠯᠤᠯᠲᠠ ᠶᠢᠨ ᠵᠠᠮ᠂ ᠠᠵᠤ ᠠᠬᠤᠶᠢᠯᠠᠯ ᠤᠨ ᠦᠷ᠎ᠡ ᠠᠰᠢᠭ ᠵᠡᠷᠭᠡ | ᠪᠠᠶᠢᠳᠠᠯ ᠢ ᠲᠤᠬᠠᠶ ᠶᠢᠨ ᠭᠠᠵᠠᠷ ᠲᠤᠨᠢ ᠤᠶᠢᠯᠠᠭᠠᠬᠤ ᠶᠢᠨ ᠳᠠᠭᠠᠤ ᠳᠤ ᠪᠠᠰᠠ ᠲᠤᠬᠠᠢ ᠶᠢᠨ ᠲᠠᠯᠠᠪᠠᠢ ᠳᠤ ᠠᠯᠪᠠᠯᠠᠵᠣ᠂ ᠲᠥᠷᠥᠯ ᠵᠣᠶᠢᠯ ᠢ ᠲᠦᠯᠬᠢᠨ ᠠᠬᠢᠭᠤᠯᠬᠤ | ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠭᠰᠡᠨ ᠪᠠᠶᠢᠨ᠎ᠠ᠃ | ᠬᠤᠸᠠ ᠷᠦᠢ ᠹᠧᠩ ᠬᠡᠯᠡᠭᠰᠡᠨ ᠨᠢ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ | ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠤᠨ᠎ᠠ᠂ ᠡᠯ᠎ᠡ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠳᠠᠶᠢᠴᠢᠯᠠᠬᠤ ᠴᠢᠨᠠᠷ ᠢᠶᠠᠷ ᠴᠢᠩᠭ᠎ᠠ ᠲᠠᠷᠢᠶᠠᠯᠠᠩ ᠮᠠᠯ | ᠠᠵᠤ ᠠᠬᠤᠶ ᠶᠢᠨ ᠠᠵᠤ ᠦᠢᠯᠡᠰ ᠤᠨ ᠲᠥᠷᠥᠯ ᠵᠣᠶᠢᠯ ᠢ ᠶᠡᠭᠡ ᠪᠠᠷ ᠳᠡᠮᠵᠢᠵᠦ᠂ ᠳᠠᠭᠠᠭᠤᠯᠤᠭᠴᠢ ᠠᠵᠤ ᠠᠬᠤᠶᠢᠯᠠᠯ ᠤᠨ ᠵᠢᠱᠢᠶ᠎ᠡ ᠦᠵᠡᠭᠦᠯᠵᠦ ᠬᠥᠲᠥᠯᠥᠨ | ᠳᠠᠭᠠᠭᠤᠯᠬᠤ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠥᠪᠡᠷᠮᠢᠴᠡ ᠣᠨᠴᠠᠯᠢᠭ ᠲᠠᠢ ᠲᠠᠷᠢᠶᠠᠯᠠᠩ ᠮᠠᠯ ᠠᠵᠤ ᠠᠬᠤᠶ ᠶᠢᠨ ᠤᠨᠴᠠᠯᠢᠬᠳᠤ ᠠᠵᠤ ᠦᠢᠯᠡᠰ ᠢ | ᠪᠤᠶᠢᠵᠢᠭᠤᠯᠤᠨ ᠴᠣᠭᠴᠠᠯᠠᠵᠤ᠂ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠠ ᠠᠵᠤ ᠠᠬᠤᠶ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ | ᠬᠡᠷᠡᠭᠲᠡᠶ᠃ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠳ ᠢ ᠬᠥᠲᠥᠯᠥᠨ | ᠵᠢᠯᠣᠭᠤᠳᠴᠤ ᠪᠠᠶᠢᠭᠠᠳ ᠠᠵᠢᠯ ᠣᠯᠬᠤ ᠦᠵᠡᠯ ᠤᠬᠠᠮᠰᠠᠷ ᠢ ᠨᠢ ᠬᠤᠪᠢᠷᠠᠭᠤᠯᠵᠤ᠂ ᠠᠵᠤ ᠠᠬᠤᠶᠢᠯᠠᠯ ᠤᠨ ᠲᠤᠬᠠᠶ ᠶᠢᠨ ᠭᠠᠵᠠᠷ ᠤᠨ ᠠᠵᠢᠯᠴᠢᠨ ᠢ ᠬᠡᠷᠡᠭᠯᠡᠬᠦ ᠶᠢ | ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠵᠦ᠂ ᠠᠵᠤ ᠠᠬᠤᠶᠢᠯᠠᠯ ᠪᠣᠯᠤᠨ ᠮᠠᠯᠴᠢᠨ ᠲᠠᠷᠢᠶᠠᠴᠢᠳ ᠤᠨ ᠠᠵᠤ ᠦᠢᠯᠡᠰ ᠤᠨ ᠬᠡᠯᠬᠢᠶ᠎ᠡ ᠶᠢᠨ ᠲᠠᠯ᠎ᠠ ᠶᠢᠨ | ᠳᠠᠪᠠᠭᠤᠯᠢᠭ ᠢᠶᠠᠷ ᠢᠶᠠᠨ ᠬᠠᠷᠢᠯᠴᠠᠨ ᠨᠥᠬᠦᠪᠥᠷᠢᠯᠡᠬᠦ᠂ ᠠᠵᠢᠯ ᠢᠶᠠᠨ ᠬᠤᠪᠢᠳᠠᠨ ᠬᠤᠷᠰᠢᠯᠴᠠᠬᠤ ᠪᠠᠶᠢᠷᠢᠰᠢᠯ ᠢ ᠪᠣᠶ ᠪᠣᠯᠭᠠᠵᠤ᠂ ᠮᠠᠯᠴᠢᠨ ᠲᠠᠷᠢᠶᠠᠴᠢᠳ ᠢ ᠳᠠᠶᠢᠴᠢᠯᠠᠨ | ᠠᠵᠤ ᠦᠢᠯᠡᠰ ᠲᠤ ᠣᠷᠣᠯᠴᠠᠭᠤᠯᠵᠤ᠂ ᠠᠰᠢᠭ ᠣᠯᠵᠠᠪᠤᠷᠢ ᠶᠢ ᠨᠢ ᠬᠤᠪᠢᠶᠠᠯᠴᠠᠨ ᠡᠳ᠋ᠯᠡᠭᠦᠯᠵᠦ᠂ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠶ᠃ | ᠡᠶ᠎ᠡ ᠨᠠᠶᠢᠷᠠᠮᠳᠠᠭᠤ ᠬᠥᠳᠡᠭᠡ ᠲᠣᠰᠬᠤᠨ ᠢ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠰᠠᠭᠤᠷᠢ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠪᠣᠯᠤᠨ ᠠᠵᠤ ᠦᠢᠯᠡᠰ ᠤᠨ ᠲᠥᠷᠥᠯ ᠵᠣᠶᠢᠯ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠠᠷᠢᠶᠠᠯᠠᠩ ᠮᠠᠯ ᠠᠵᠤ | ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠪᠠ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠬᠥᠳᠡᠭᠡ | ᠲᠣᠰᠬᠤᠨ ᠤ ᠰᠠᠭᠤᠷᠢᠰᠢᠬᠤ ᠳᠤ ᠲᠣᠬᠢᠷᠠᠮᠵᠢᠲᠠᠶ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠡᠵᠡᠨ ᠬᠤᠷᠤᠭ᠎ᠠ ᠶᠢᠨ ᠣᠨᠴᠠᠯᠢᠭ ᠲᠠᠢ ᠦᠨᠳᠦᠰᠦᠨ ᠱᠠᠲᠤᠨ ᠤ | ᠵᠠᠰᠠᠯᠲᠠ ᠶᠢᠨ ᠰᠢᠨ᠎ᠡ ᠵᠠᠮ ᠢ ᠬᠠᠶᠢᠨ ᠰᠦᠪᠡᠭᠴᠢᠯᠡᠬᠦ ᠬᠡᠷᠡᠭᠲᠡᠶ ᠭᠡᠪᠡ᠃ | ᠬᠤᠸᠠ ᠷᠦᠢ ᠹᠧᠩ ᠬᠡᠯᠡᠭᠰᠡᠨ ᠨᠢ᠂ ᠡᠯ᠎ᠡ ᠪᠠᠯᠭᠠᠰᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠶᠡᠭᠡ ᠪᠠᠷ ᠰᠢᠯᠢᠳᠡᠭᠵᠢᠭᠦᠯᠵᠦ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠠᠮᠤᠭ ᠤᠨ ᠰᠢᠯᠢᠳᠡᠭ ᠦᠢᠯᠡᠴᠢᠯᠡᠭᠡ ᠬᠠᠩᠭᠠᠬᠤ ᠬᠡᠷᠡᠭᠲᠡᠢ᠃ | ᠠᠵᠤ ᠦᠶᠢᠯᠡᠰᠵᠢᠯᠲᠡ᠂ ᠵᠠᠬ᠎ᠠ ᠳᠡᠯᠭᠡᠭᠦᠷᠴᠢᠯᠡᠬᠦ ᠴᠢᠭᠯᠡᠯ ᠢ ᠣᠨᠢᠯᠠᠵᠤ᠂ ᠡᠯ᠎ᠡ ᠲᠥᠷᠥᠯ ᠤᠨ ᠠᠵᠤ ᠦᠢᠯᠡᠰ ᠤᠨ ᠲᠣᠭᠤᠷᠢᠨ ᠳᠤ ᠤᠷᠢᠳᠴᠢᠯᠠᠨ ᠰᠠᠭᠤᠷᠢ | ᠲᠦᠬᠦᠭᠡᠷᠦᠮᠵᠢ ᠶᠢ ᠢᠵᠢ ᠪᠦᠷᠢᠳᠦᠭᠦᠯᠬᠦ ᠠᠵᠢᠯ ᠢ ᠰᠠᠶᠢᠲᠤᠷ ᠬᠢᠵᠦ᠂ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ ᠪᠦᠷᠢᠨᠰᠢᠬᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠠᠬᠢᠭᠤᠯᠬᠤ ᠬᠡᠷᠡᠭᠲᠡᠶ ᠭᠡᠪᠡ᠃ | | | | | | |