ᠭᠠᠷ ᠬᠤᠯᠪᠣᠨ ᠪᠣᠯᠪᠠᠰᠤᠨ ᠢ ᠡᠭᠦᠳᠦᠨ ᠪᠠᠶᠢᠭᠤᠯᠵᠤ  ᠶᠣᠰᠣ ᠰᠤᠷᠳᠠᠬᠤᠨ ᠤ ᠲᠠᠭᠤᠷᠢᠶᠠᠯ ᠵᠢᠱᠢᠶᠡᠴᠢ ᠰᠢᠨ᠎ᠡ ᠰᠤᠷᠲᠠᠯ ᠢ ᠪᠣᠶ ᠪᠤᠯᠭᠠᠨ᠎ᠠ
ᠨᠡᠶᠢᠲᠡᠯᠡᠭᠰᠡᠨ ᠴᠠᠭ᠄
2023/6/20
      6 ᠳ᠋ᠤᠭᠠᠷ ᠰᠠᠷ᠎ᠠ ᠶᠢᠨ 19᠎ ᠤ ᠡᠳᠦᠷ᠂ ᠡᠵᠡᠨ ᠬᠤᠷᠤᠭ᠎ᠠ ᠬᠤᠰᠢᠭᠤᠨ ᠤ ᠰᠢᠨ᠎ᠡ ᠨᠢᠭᠡ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠢᠷᠠᠭᠤ ᠠᠯᠳᠠᠷ ᠢ ᠲᠥᠪᠯᠡᠷᠡᠭᠦᠯᠦᠨ ᠣᠯᠭᠤᠬᠤ ᠶᠣᠰᠣᠯᠠᠯ ᠵᠢᠴᠢ ︽ᠳᠡᠷᠭᠡᠳᠡᠬᠢ ᠰᠠᠶᠢᠨ ᠬᠥᠮᠦᠨ︾᠎ ᠳᠤ ᠱᠠᠩᠨᠠᠯ ᠣᠯᠭᠤᠬᠤ ᠠᠵᠢᠯᠯᠠᠭ᠎ᠠ ᠵᠢᠶᠦ᠋ᠨ ᠸᠠᠩ ᠤᠨ ᠣᠷᠳᠣᠨ ᠤ ᠠᠭᠤᠳᠠᠮ ᠲᠠᠯᠠᠪᠠᠶ ᠳᠤ ᠶᠠᠪᠤᠭᠳᠠᠪᠠ᠃      ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ ᠲᠠᠰ᠂ ᠬᠤᠲᠠ ᠶᠢᠨ ᠲᠠᠰ᠂ ᠬᠤᠰᠢᠭᠤᠨ ᠤ ᠲᠠᠰ ᠤᠨ  28 ︽ᠳᠡᠷᠭᠡᠳᠡᠬᠢ ᠰᠠᠶᠢᠨ ᠬᠥᠮᠦᠨ︾᠎ ᠢ ᠬᠥᠬᠢᠭᠦᠯᠦᠨ ᠰᠠᠶᠢᠰᠢᠶᠠᠵᠤ᠂ 10 ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠲᠣᠰᠬᠤᠨ ᠪᠠᠯᠭᠠᠰᠤ᠂ ᠨᠢᠭᠡᠴᠡ᠂ ᠰᠤᠷᠭᠠᠭᠤᠯᠢ ᠶᠢᠨ ᠬᠦᠷᠢᠶ᠎ᠡ᠂ ᠨᠡᠶᠢᠭᠡᠮ ᠲᠣᠭᠤᠷᠢᠭ ︵ᠰᠠᠭᠤᠭᠠᠯᠢ ᠠᠷᠠᠳ ᠤᠨ ᠲᠣᠭᠤᠷᠢᠭ︶᠂ ᠬᠡᠷ ᠪᠦᠯᠢ ᠳᠤ  ᠫᠠᠶᠢᠰᠠ ᠣᠯᠭᠤᠪᠠ᠃      ᠣᠶᠢᠷ᠎ᠠ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤᠨ ᠤ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠭᠦᠨᠵᠡᠭᠡᠶ ᠦᠷᠨᠢᠬᠦᠯᠬᠦ ᠶᠢ ᠳᠠᠭᠠᠯᠳᠤᠨ᠂ ᠪᠥᠬᠦ ᠬᠤᠰᠢᠭᠤᠨ ᠤ ᠠᠷᠠᠳ ᠢᠷᠭᠡᠳ ᠤᠨ ᠦᠵᠡᠯ ᠰᠠᠨᠠᠭᠠᠨ ᠤ ᠤᠬᠠᠮᠰᠠᠷ᠂ ᠶᠣᠰᠣ ᠰᠤᠷᠲᠠᠬᠤᠨ ᠤ ᠲᠦᠪᠰᠢᠨ᠂ ᠪᠣᠯᠪᠠᠰᠤᠨ ᠤ ᠬᠡᠪ ᠪᠣᠯᠪᠠᠰᠤᠷᠠᠯ ᠪᠣᠯᠤᠨ ᠪᠥᠬᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠡᠭᠡ ᠪᠠᠷ ᠳᠡᠭᠡᠭᠰᠢᠯᠡᠵᠦ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠳᠦᠷᠰᠦ ᠪᠠᠶᠢᠳᠠᠯ᠂ ᠨᠡᠶᠢᠭᠡᠮ ᠨᠡᠶᠢᠲᠡ ᠶᠢᠨ ᠡᠮᠬᠢ ᠳᠢᠭᠯᠢᠮ᠂ ᠣᠯᠠᠨ ᠨᠡᠶᠢᠲᠡ ᠶᠢᠨ ᠤᠶᠢᠯᠡᠴᠢᠯᠡᠭᠡᠨ ᠤ ᠲᠦᠪᠰᠢᠨ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠦᠷᠭᠦᠯᠵᠢᠯᠡᠨ ᠰᠠᠶᠢᠵᠢᠷᠠᠪᠠ᠃  ᠲᠤᠰ ᠠᠵᠢᠯᠯᠠᠭ᠎ᠠ ᠶᠢ ᠡᠷᠬᠢᠯᠡᠭᠰᠡᠨ ᠨᠢ ᠮᠠᠨ ᠤ ᠬᠤᠰᠢᠭᠤᠨ ᠤ ᠺᠠᠳ᠋ᠷ ᠣᠯᠠᠨ ᠲᠦᠮᠡᠨ ᠤ ᠴᠤᠭ ᠪᠠᠳᠠᠷᠠᠩᠭᠤᠶ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠶᠣᠰᠣ ᠰᠤᠷᠲᠠᠬᠤᠨ ᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠣᠯᠠᠨ ᠲᠦᠮᠡᠨ ᠤ ᠪᠦᠯᠬᠦᠮᠳᠡᠨ ᠲᠡᠮᠡᠴᠡᠬᠦ ᠬᠦᠴᠦᠨ ᠢ ᠨᠢᠭᠲᠠᠷᠠᠭᠤᠯᠬᠤ ᠳᠤ ᠢᠳᠡᠪᠬᠢᠲᠡᠶ  ᠤᠶᠢᠯᠡᠳᠤᠯ ᠦᠵᠡᠬᠦᠯᠦᠭᠰᠡᠨ ᠪᠠᠶᠢᠨ᠎ᠠ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ