ᠪᠤᠷᠭᠠᠰᠤᠳᠤ ᠶᠢᠨ ᠭᠤᠤᠯ ᠤᠨ ᠨᠡᠶᠢᠲᠡ ᠶᠢᠨ ᠲᠦᠷᠢᠶᠡᠰᠦᠨ ᠭᠡᠷ ᠤᠨ ᠲᠥᠷᠥᠯ ᠵᠦᠢᠯ ᠪᠣᠯ ᠮᠠᠨ ᠤ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠦᠢᠯ ᠤᠨ ᠨᠢᠭᠡ ᠨᠢ ᠪᠤᠯᠤᠨ᠎ᠠ᠂ ᠣᠶᠢᠷ᠎ᠠ ᠳᠤ᠂ ᠰᠤᠷᠪᠤᠯᠵᠢᠯᠠᠭᠴᠢ ᠲᠣᠰ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ | ᠬᠦᠷᠬᠦ ᠳᠤ᠂ ᠠᠵᠢᠯᠴᠢᠳ ᠶᠠᠭ ᠵᠠᠰᠠᠵᠤ ᠴᠢᠮᠡᠭᠯᠡᠬᠦ ᠪᠠ ᠤᠬᠰᠠᠷᠠᠬᠤ ᠢᠨᠵᠧᠨᠧᠷᠢᠩ ᠢ ᠬᠢᠵᠦ ᠪᠠᠶᠢᠬᠤ ᠶᠢ ᠤᠯᠵᠦ ᠬᠠᠷᠠᠵᠦ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠡᠮᠬᠢ ᠵᠢᠷᠤᠮ ᠲᠠᠢ ᠶᠠᠪᠤᠭᠳᠠᠵᠤ ᠪᠠᠶᠢᠪᠠ᠃ | ᠲᠣᠰ ᠲᠥᠷᠥᠯ ᠵᠦᠢᠯ ᠨᠢ ᠠᠯᠳᠠᠨᠰᠢᠷᠡᠭᠡ ᠪᠠᠯᠭᠠᠰᠤ ᠶᠢᠨ ᠢᠦᠶ ᠶᠢᠩ ᠵᠠᠮ ᠤᠨ ᠵᠡᠭᠦᠨ᠂ ᠫᠦ᠋ ᠬᠤᠶ ᠵᠠᠮ ᠤᠨ ᠡᠮᠦᠨ᠎ᠡ᠂ ᠹᠦ᠋ ᠱᠠᠨ ᠵᠠᠮ ᠤᠨ ᠬᠤᠶᠢᠳᠤ | ᠲᠠᠯ᠎ᠠ ᠳᠤ ᠪᠠᠶᠢᠷᠢᠯᠠᠵᠤ᠂ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 3 . 6 ᠳ᠋ᠦᠩᠰᠢᠭᠤᠷ ᠲᠥᠭᠦᠷᠢᠭ ᠲᠤ ᠬᠦᠷᠴᠦ᠂ ᠲᠥᠷᠥᠯ ᠵᠦᠢᠯ ᠤᠨ ᠶᠡᠷᠦᠩᠬᠡᠢ ᠡᠵᠡᠯᠡᠬᠦ | ᠲᠠᠯᠠᠪᠠᠶ ᠨᠢ ᠪᠠᠷᠤᠭ 4 ᠲᠦᠮᠡᠨ ᠲᠡᠭᠰᠢ ᠳᠥᠷᠪᠡᠯᠵᠢᠨ ᠮᠧᠲᠷ᠂ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ ᠪᠠᠷᠤᠭ 8 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ | 4 ᠰᠠᠭᠤᠷᠢ ᠣᠷᠣᠨ ᠰᠠᠭᠤᠴᠠ ᠶᠢᠨ ᠠᠰᠠᠷ ᠂ 918 ᠲᠦᠬᠦᠷ ᠨᠡᠶᠢᠲᠡ ᠶᠢᠨ ᠲᠦᠷᠢᠶᠡᠰᠦᠨ ᠭᠡᠷ ᠢ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ | ᠲᠥᠷᠥᠯ ᠵᠦᠢᠯ ᠤᠨ ᠵᠢᠷᠤᠭᠯᠠᠨ ᠲᠥᠯᠥᠪᠯᠡᠭᠰᠡᠨ ᠳᠠᠩ ᠲᠦᠬᠦᠷ ᠪᠠᠷᠢᠯᠭ᠎ᠠ ᠶᠢᠨ ᠲᠠᠯᠠᠪᠠᠶ ᠨᠢ 60 ᠲᠡᠭᠰᠢ ᠳᠥᠷᠪᠡᠯᠵᠢᠨ ᠮᠧᠲᠷ ᠣᠷᠴᠢᠮ ᠪᠠᠶᠢᠵᠤ᠂ 300 | ᠭᠠᠵᠠᠷ ᠳᠡᠭᠡᠷᠡᠬᠢ ᠲᠡᠷᠭᠡᠨ ᠵᠣᠭᠰᠣᠭᠠᠯ᠂ 429 ᠭᠠᠵᠠᠷ ᠳᠤᠤᠷᠠᠬᠢ ᠲᠡᠷᠭᠡᠨ ᠵᠣᠭᠰᠣᠭᠠᠯ᠂ 2 ᠰᠠᠭᠤᠷᠢ ᠠᠰᠠᠷ ᠢ ᠬᠤᠳᠠᠯᠳᠤᠭᠠᠨ ᠳᠤ ᠬᠡᠷᠡᠭᠯᠡᠬᠦ ᠪᠤᠶᠤ ᠰᠠᠭᠤᠭᠠᠯᠢ | ᠠᠷᠠᠳ ᠤᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠢᠶᠠᠷ ᠲᠣᠬᠢᠷᠠᠭᠤᠯᠤᠨ ᠪᠠᠶᠢᠭᠤᠯᠵᠤ᠂ ᠬᠤᠳᠠᠯᠳᠤᠭ᠎ᠠ᠂ ᠠᠳᠠᠯ ᠠᠬᠤᠶ᠂ ᠨᠠᠰᠤᠲᠠᠶᠢᠴᠤᠳ ᠤᠨ | ᠤᠶᠢᠯᠡᠴᠢᠯᠡᠭᠡ ᠂ ᠨᠢᠯᠬ᠎ᠠ ᠬᠡᠦᠬᠡᠳ ᠤᠨ ᠤᠶᠢᠯᠡᠴᠢᠯᠡᠭᠡ᠂ ᠶᠡᠷᠦᠩᠬᠡᠶᠢᠯᠡᠭᠰᠡᠨ ᠴᠢᠨᠠᠷᠳᠠᠢ ᠭᠡᠷ ᠪᠠᠶᠢᠰᠢᠩ ᠵᠡᠷᠭᠡ ᠳᠤ ᠠᠰᠢᠭᠯᠠᠨ᠂ 4000 ᠲᠡᠭᠰᠢ ᠳᠥᠷᠪᠡᠯᠵᠢᠨ | ᠮᠧᠲᠷ ᠤᠨ ᠲᠠᠯᠠᠪᠠᠢ ᠶᠢ ᠡᠵᠡᠯᠡᠬᠦ ᠪᠣᠯᠤᠨ᠎ᠠ᠃ | ᠲᠥᠷᠥᠯ ᠵᠦᠢᠯ ᠢ 2021 ᠣᠨ ᠳᠤ ᠪᠠᠷᠢᠯᠭ᠎ᠠ ᠡᠬᠢᠯᠡᠬᠦᠯᠵᠦ᠂ ᠣᠳᠣᠬᠠᠨ ᠳᠤ ᠭᠤᠤᠯ ᠠᠰᠠᠷ ᠤᠨ ᠭᠠᠵᠠᠷ ᠤᠨ ᠲᠤᠤᠷᠠᠬᠢ ᠬᠥᠮᠥᠷᠭᠡ ᠵᠢᠴᠢ ᠢᠵᠢ | ᠪᠥᠷᠢᠳᠦᠭᠦᠯᠦᠨ ᠬᠠᠮᠲᠤ ᠪᠠᠷ ᠪᠥᠲᠥᠭᠡᠨ ᠪᠠᠶᠢᠭᠤᠯᠬᠤ ᠠᠵᠢᠯ ᠨᠢ ᠨᠢᠭᠡᠨᠲᠡ ᠲᠠᠭᠤᠰᠴᠤ᠂ ᠵᠢᠱᠢᠯᠲᠡ ᠪᠠᠷ 2023 ᠣᠨ ᠤ ᠰᠡᠭᠦᠯᠴᠢ ᠪᠠᠷ ᠪᠠᠷᠢᠯᠭ᠎ᠠ ᠪᠠᠨ | ᠲᠠᠭᠤᠰᠬᠠᠵᠦ ᠬᠡᠷᠡᠭᠯᠡᠯᠳᠡ ᠳᠤ ᠤᠷᠤᠬᠤ ᠪᠣᠯᠤᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠰᠢᠨ᠎ᠡ ᠪᠠᠷ ᠠᠵᠢᠯ ᠣᠯᠵᠤ ᠠᠳᠠᠯ ᠦᠢᠯᠡᠰ ᠪᠤᠰᠬᠠᠬᠤ | ᠬᠡᠰᠡᠭ ᠣᠶᠤᠲᠠᠨ᠂ ᠬᠤᠲᠠ ᠳᠤ ᠣᠷᠣᠵᠤ ᠠᠵᠢᠯ ᠬᠢᠵᠦ ᠪᠠᠶᠢᠭ᠎ᠠ ᠮᠠᠯᠴᠢᠨ ᠲᠠᠷᠢᠶᠠᠴᠢᠨ ᠪᠣᠯᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠵᠡᠷᠭᠡ | ᠬᠦᠴᠢᠷᠳᠡᠯᠲᠡᠶ ᠬᠥᠮᠦᠰ ᠤᠨ ᠣᠷᠣᠨ ᠰᠠᠭᠤᠴᠠ ᠶᠢᠨ ᠠᠰᠠᠭᠤᠳᠠᠯ ᠢ ᠦᠨᠳᠦᠰᠦᠨ ᠳᠡᠭᠡᠨ ᠪᠠᠳᠤᠯᠠᠬᠤ ᠪᠣᠯᠤᠨ᠎ᠠ᠃ | |