| 6 ᠳ᠋ᠤᠭᠠᠷ ᠰᠠᠷ᠎ᠠ ᠶᠢᠨ 25 ᠤ ᠡᠳᠦᠷ᠂ 2023 ᠣᠨ ᠤ ᠣᠷᠳᠣᠰ ᠬᠤᠲᠠ ᠶᠢᠨ ︽ᠬᠠᠶᠢᠷ᠎ᠠ ᠬᠠᠯᠠᠮᠵᠢᠳᠦ ᠬᠤᠲᠠ︾ ᠳᠠᠭᠤᠤ ᠬᠥᠭᠵᠢᠮ ᠤᠨ ᠨᠠᠶᠢᠷ ᠤᠨ | ᠵᠣᠬᠢᠴᠠᠭᠤᠯᠬᠤ ᠬᠤᠷᠠᠯ ᠬᠤᠷᠠᠯᠳᠤᠵᠦ ᠂ ᠬᠤᠰᠢᠭᠤ ᠳᠡᠳ᠋ ᠳᠠᠷᠤᠭ᠎ᠠ ᠯᠢᠦ ᠰᠢᠶᠣᠤ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠯᠪᠣᠭᠳᠠᠯ ᠪᠦᠬᠦᠢ | ᠪᠠᠯᠭᠠᠰᠤ᠂ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠠᠴᠠ ︽2023 ᠣᠨ ᠤ ᠣᠷᠳᠣᠰ ᠬᠤᠲᠠ ᠶᠢᠨ ︿ᠬᠠᠶᠢᠷ᠎ᠠ ᠬᠠᠯᠠᠮᠵᠢᠳᠦ ᠬᠤᠲᠠ﹀ ᠳᠠᠭᠤᠤ ᠬᠥᠭᠵᠢᠮ ᠤᠨ ᠨᠠᠶᠢᠷ ᠤᠨ ᠠᠵᠢᠯᠯᠠᠭ᠎ᠠ︾ ᠶᠢᠨ | ᠲᠥᠰᠦᠯ ᠳᠤ ᠲᠠᠶᠢᠯᠤᠮᠵᠢ ᠬᠢᠵᠦ᠂ ᠬᠤᠷᠠᠯ ᠳᠤ ᠣᠷᠣᠯᠴᠠᠭᠰᠠᠨ ᠪᠠᠶᠢᠭᠤᠯᠭ᠎ᠠ ᠨᠢᠭᠡᠴᠢ ᠪᠣᠳᠠᠲᠠᠶ ᠠᠵᠢᠯ ᠤᠨ ᠲᠣᠭᠤᠷᠢᠨ ᠳᠤ ᠦᠭᠡ ᠬᠡᠯᠡᠪᠡ᠃ | ᠬᠤᠷᠠᠯ ᠠᠴᠠ ᠵᠢᠭᠠᠵᠦ ᠭᠠᠷᠭᠠᠬᠰᠠᠨ ᠨᠢ᠂ ︽ᠬᠠᠶᠢᠷ᠎ᠠ ᠬᠠᠯᠠᠮᠵᠢᠳᠦ ᠬᠤᠲᠠ︾ ᠳᠠᠭᠤᠤ ᠬᠥᠭᠵᠢᠮ ᠤᠨ ᠨᠠᠶᠢᠷ ᠪᠣᠯ ᠡᠵᠡᠨ ᠬᠤᠷᠤᠭ᠎ᠠ ᠶᠢᠨ ᠳᠦᠷᠢ | ᠲᠥᠷᠬᠦ ᠶᠢ ᠳᠡᠯᠭᠡᠨ ᠦᠵᠡᠭᠦᠯᠬᠦ᠂ ᠡᠵᠡᠨ ᠬᠤᠷᠤᠭ᠎ᠠ ᠶᠢᠨ ᠰᠣᠶᠣᠯ ᠵᠢᠭᠤᠯᠴᠢᠯᠠᠯ ᠢ ᠲᠠᠨᠢᠯᠴᠠᠭᠤᠯᠬᠤ ᠴᠢᠬᠤᠯᠠ ᠲᠠᠪᠴᠠᠩ ᠪᠣᠯᠤᠨ᠎ᠠ᠃ ᠡᠯ᠎ᠡ ᠪᠠᠶᠢᠭᠤᠯᠭ᠎ᠠ | ᠨᠢᠭᠡᠴᠢ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠵᠣᠬᠢᠴᠠᠭᠤᠯᠤᠨ ᠬᠠᠮᠵᠢᠯᠴᠠᠬᠤ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠣᠰ ᠲᠣᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠵᠢᠷᠤᠮᠯᠠᠨ᠂ ᠠᠵᠢᠯᠯᠠᠭ᠎ᠠ ᠶᠢ ᠵᠣᠬᠢᠶᠠᠨ | ᠪᠠᠶᠢᠭᠤᠯᠵᠤ ᠪᠡᠯᠡᠳᠬᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠯᠠᠪᠤᠷ ᠭᠠᠵᠠᠷ ᠤᠨ ᠲᠥᠬᠦᠭᠡᠷᠦᠮᠵᠢ᠂ ᠵᠠᠮ | ᠬᠠᠷᠢᠯᠴᠠᠭᠠᠨ ᠤ ᠠᠮᠤᠷ ᠲᠦᠪᠰᠢᠨ᠂ ᠠᠵᠢᠯᠯᠠᠭ᠎ᠠ ᠶᠢᠨ ᠤᠬᠠᠭᠤᠯᠭ᠎ᠠ᠂ ᠠᠵᠢᠯᠲᠠᠨ ᠤ ᠬᠠᠮᠢᠶᠠᠷᠤᠯᠲᠠ ᠡᠵᠡᠮᠳᠡᠯ ᠵᠢᠴᠢ ᠲᠤᠬᠠᠶ ᠶᠢᠨ ᠲᠠᠯᠠᠪᠠᠶ ᠶᠢᠨ ᠠᠮᠤᠷ ᠢ | ᠬᠠᠮᠠᠭᠠᠯᠠᠬᠤ᠂ ᠮᠡᠳᠡᠭᠡᠯᠡᠯ᠂ ᠡᠮ ᠡᠮᠨᠡᠯᠭᠡ ᠵᠡᠷᠭᠡ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠢᠯ ᠤᠨ ᠲᠥᠰᠦᠯ ᠢᠶᠠᠨ ᠴᠠᠭ ᠲᠤᠬᠠᠶ ᠳᠤᠨᠢ | ᠲᠡᠭᠦᠯᠳᠡᠷᠵᠢᠭᠦᠯᠵᠦ᠂ ᠠᠵᠢᠯ ᠤᠨ ᠬᠤᠪᠢᠶᠠᠷᠢᠯᠠᠯ ᠲᠣᠳᠣᠷᠬᠠᠶ᠂ ᠠᠵᠢᠯᠯᠠᠭᠠᠨ ᠰᠠᠭᠠᠳ ᠥᠬᠡᠶ᠂ ᠠᠷᠭ᠎ᠠ ᠬᠡᠮᠵᠢᠶ᠎ᠡ ᠡᠷᠴᠢᠮᠳᠡᠢ ᠪᠠᠶᠢᠬᠤ ᠶᠢ ᠦᠨᠡᠨ ᠬᠦ ᠪᠠᠲᠤᠯᠠᠵᠤ᠂ | ︽ᠬᠠᠶᠢᠷ᠎ᠠ ᠬᠠᠯᠠᠮᠵᠢᠳᠦ ᠬᠤᠲᠠ︾ ᠳᠠᠭᠤᠤ ᠬᠥᠭᠵᠢᠮ ᠤᠨ ᠨᠠᠶᠢᠷ ᠢ ᠦᠨᠡᠨ ᠬᠦ ᠬᠢᠷᠢ ᠲᠦᠪᠰᠢᠨ ᠲᠠᠢ᠂ ᠥᠪᠡᠷᠮᠢᠴᠡ ᠣᠨᠴᠠᠯᠢᠭ ᠲᠠᠢ᠂ ᠦᠷ᠎ᠡ ᠪᠦᠲᠦᠮᠵᠢ ᠲᠠᠢ | ᠡᠷᠭᠢᠯᠡᠬᠦ ᠬᠡᠷᠡᠭᠲᠡᠶ ᠭᠡᠪᠡ᠃ | |