| ᠶᠡᠷᠦᠩᠬᠡᠢ ᠱᠦᠵᠢ ᠰᠢ ᠶᠢᠨ ᠫᠢᠡᠭ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠣᠯᠤᠨ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠱᠢᠯᠠᠭᠤᠯᠤᠨ ᠨᠠᠶᠢᠳᠠᠪᠤᠷᠢᠵᠢᠭᠤᠯᠬᠤ ᠶᠢᠨ | ᠲᠥᠯᠥᠭᠡ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠬᠢᠷᠠᠭᠤᠯᠤᠯᠳᠠ ᠶᠣᠰᠣᠭᠠᠷ᠂ 6 ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ | ᠵᠠᠰᠠᠬᠤ ᠤᠷᠤᠨ ᠤ ᠵᠠᠰᠠᠭ ᠤᠨ ᠣᠷᠳᠣᠨ ᠠᠯᠠᠱᠠ ᠳᠤ ᠪᠦᠬᠦ ᠤᠷᠤᠨ ᠤ ᠠᠮᠤᠷ ᠲᠦᠪᠰᠢᠨ ᠤ ᠭᠡᠮ ᠰᠤᠭᠤᠭ ᠢ ᠵᠢᠬᠰᠠᠭᠠᠨ ᠪᠠᠶᠢᠴᠠᠭᠠᠵᠦ ᠴᠡᠭᠴᠡᠯᠡᠨ ᠵᠠᠰᠠᠬᠤ | ᠠᠵᠢᠯ ᠤᠨ ᠲᠤᠬᠠᠢ ᠶᠢᠨ ᠲᠠᠯᠠᠪᠠᠶ ᠶᠢᠨ ᠬᠤᠷᠠᠯ ᠬᠤᠷᠠᠯᠳᠤᠭᠤᠯᠪᠠ᠃ ᠸᠠᠩ ᠯᠢ ᠰᠢᠶᠠ ᠬᠤᠷᠠᠯ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃ | ᠬᠤᠷᠠᠯ ᠳᠤ ᠤᠷᠤᠯᠴᠠᠬᠰᠠᠨ ᠡᠯ᠎ᠡ ᠠᠶᠢᠮᠠᠭ ᠬᠤᠲᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ︽2 · 22︾ ᠤᠨ ᠰᠢᠨ | ᠵᠢᠩ ᠨᠡᠭᠦᠷᠡᠰᠦᠨ ᠠᠭᠤᠷᠬᠠᠶ ᠶᠢᠨ ᠠᠳᠡᠯ ᠤᠨ ᠲᠤᠬᠠᠶ ᠶᠢᠨ ᠲᠠᠯᠠᠪᠠᠶ ᠳᠤ ᠬᠦᠷᠴᠦ᠂ ᠠᠳᠡᠭᠰᠡᠳ ᠢ ᠨᠠᠮᠠᠨᠴᠢᠯᠠᠨ ᠭᠠᠰᠢᠭᠤᠳᠠᠵᠦ᠂ ᠠᠯᠠᠱᠠ ᠠᠶᠢᠮᠠᠭ ᠪᠣᠯᠤᠨ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠡᠨᠧᠷᠭᠢ᠂ ᠠᠭᠤᠷᠬᠠᠶ ᠶᠢᠨ ᠬᠢᠨᠠᠯᠲᠠ ᠬᠠᠮᠢᠶᠠᠷᠤᠯᠳᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ | ᠠᠳᠡᠯ ᠤᠨ ᠰᠤᠷᠭᠠᠮᠵᠢ ᠶᠢ ᠨᠠᠷᠢᠨ ᠬᠢᠨᠠᠮᠠᠭᠠᠶ ᠲᠤᠩᠭᠠᠨ ᠡᠷᠭᠢᠴᠡᠭᠦᠯᠦᠭᠰᠡᠨ ᠪᠦᠭᠡᠳ ᠣᠪᠣᠷ ᠢᠶᠠᠨ ᠢᠯᠡᠳᠭᠡᠬᠦ ᠦᠭᠡ ᠬᠡᠯᠡᠵᠦ᠂ ᠠᠭᠤᠷᠬᠠᠶ ᠶᠢᠨ ᠬᠢᠨᠠᠯᠲᠠ | ᠬᠠᠮᠢᠶᠠᠷᠤᠯᠳᠠ ᠶᠢᠨ ᠰᠠᠯᠠᠭ᠎ᠠ ᠮᠥᠴᠢᠷ ᠤᠨ ᠲᠤᠰᠬᠠᠢ ᠮᠡᠷᠭᠡᠵᠢᠯᠲᠡᠨ ᠲᠤᠬᠠᠶ ᠶᠢᠨ ᠲᠠᠯᠠᠪᠠᠶ ᠳᠤ ᠵᠠᠳᠠᠭᠠᠶ ᠠᠭᠤᠷᠬᠠᠶ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ | ᠭᠤᠤᠯ ᠠᠩᠬᠠᠷᠬᠤ ᠵᠦᠢᠯᠡᠰ ᠢ ᠲᠠᠶᠢᠯᠪᠦᠷᠢᠯᠠᠵᠠᠢ᠃ ᠨᠤᠷᠠᠵᠤ ᠶᠡᠭᠦᠷᠡᠭᠰᠡᠨ ᠠᠭᠤᠷᠬᠠᠶ ᠶᠢᠨ ᠨᠦᠬᠡ᠂ ᠬᠠᠷ᠎ᠠ ᠦᠩᠭᠡ ᠲᠠᠢ ᠰᠡᠷᠡᠮᠵᠢᠯᠡᠭᠦᠯᠦᠯ ᠤᠨ ᠬᠦᠰᠢᠶ᠎ᠡ᠂ | ᠠᠳᠡᠭᠰᠡᠨ ᠠᠮᠢ ᠨᠠᠰᠤ ᠵᠡᠷᠬᠡ ᠨᠢ ᠬᠥᠮᠦᠨ ᠨᠢᠭᠡ ᠪᠦᠷᠢ ᠶᠢ ᠶᠡᠬᠡᠳᠡ ᠡᠮᠭᠡᠨᠢᠨ ᠭᠠᠰᠢᠭᠤᠳᠠᠭᠤᠯᠵᠦ᠂ ᠶᠡᠬᠡᠳᠡ ᠰᠡᠷᠡᠮᠵᠢᠯᠡᠭᠦᠯᠦᠯ ᠦᠭᠴᠡᠢ᠃ | ᠲᠤᠬᠠᠶ ᠶᠢᠨ ᠲᠠᠯᠠᠪᠠᠶ ᠶᠢᠨ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠡᠭ ᠤᠨ ᠨᠢᠩᠰᠢᠶᠠ ᠶᠢᠨ ᠢᠷᠭᠠᠶ ᠬᠤᠳᠠ ᠶᠢᠨ ᠪᠠᠶᠢᠭᠠᠯᠢ ᠶᠢᠨ ᠰᠢᠳᠠᠮᠠᠬᠠᠢ | ᠬᠡᠶ ᠶᠢᠨ ᠲᠡᠯᠪᠡᠷᠡᠯᠳᠡ ᠶᠢᠨ ᠠᠳᠡᠯ ᠤᠨ ᠲᠤᠬᠠᠶ ᠴᠢᠬᠤᠯᠠ ᠴᠤᠬᠤᠯᠠᠪᠤᠷᠢ ᠶᠢ ᠤᠯᠠᠮᠵᠢᠯᠠᠵᠤ᠂ ᠰᠡᠷᠡᠮᠵᠢ ᠶᠢᠨ ᠹᠢᠯᠢᠮ ᠢ ᠨᠡᠪᠲᠡᠷᠡᠭᠦᠯᠵᠦ᠂ ᠪᠠᠶᠢᠭᠠᠯᠢ ᠶᠢᠨ ᠰᠢᠳᠠᠮᠠᠬᠠᠢ | ᠬᠡᠶ ᠶᠢᠨ ᠬᠦᠷᠢᠶᠡᠨ ᠳᠠᠬᠢ ᠬᠡᠮ ᠰᠤᠭᠤᠭ ᠢ ᠵᠢᠬᠰᠠᠭᠠᠨ ᠪᠠᠶᠢᠴᠠᠭᠠᠵᠦ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠵᠦ᠂ ᠭᠤᠤᠯᠳᠠᠯᠭ᠎ᠠ ᠲᠠᠢ ᠠᠵᠢᠯ ᠲᠥᠷᠥᠯ ᠤᠨ | ᠠᠮᠤᠷ ᠲᠦᠪᠰᠢᠨ ᠤ ᠰᠡᠷᠭᠡᠶᠢᠯᠡᠯᠳᠡ ᠶᠢᠨ 135 ᠵᠦᠢᠯ ᠤᠨ ᠬᠠᠲᠠᠭᠤ ᠠᠷᠭ᠎ᠠ ᠬᠡᠮᠵᠢᠶ᠎ᠡ ᠶᠢ ᠵᠠᠷᠯᠠᠨ ᠮᠡᠳᠡᠭᠳᠡᠪᠡ᠃ ᠸᠠᠩ ᠯᠢ ᠰᠢᠶᠠ᠂ ᠠᠶᠤᠯᠭᠦᠢ ᠦᠢᠯᠡᠳᠪᠦᠷᠢᠯᠡᠯ | ᠪᠤᠯ ᠬᠦᠮᠦᠨ ᠤ ᠠᠮᠢ ᠨᠠᠰᠤ ᠲᠠᠢ ᠬᠤᠯᠪᠤᠭᠳᠠᠨ᠎ᠠ᠂ ᠦᠴᠦᠬᠡᠨ ᠴᠦ ᠭᠡᠰᠡᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠲᠠᠢ ᠪᠠᠶᠢᠵᠦ ᠪᠣᠯᠬᠤ ᠦᠭᠡᠢ᠂ ᠡᠷᠬᠡᠪᠰᠢ | ᠢᠴᠡᠬᠦᠷᠢ ᠪᠠᠨ ᠮᠡᠳᠡᠭᠰᠡᠨ ᠤ ᠳᠠᠷᠠᠭ᠎ᠠ ᠡᠷᠡᠯᠭᠡᠭᠯᠡᠨ ᠲᠡᠮᠡᠴᠡᠬᠦ ᠪᠠ ᠤᠰᠤᠯ ᠬᠦᠯᠢᠶᠡᠵᠦ ᠠᠯᠳᠠᠭ᠎ᠠ ᠪᠠᠨ ᠨᠦᠬᠦᠪᠦᠷᠢᠯᠡᠬᠦ ᠣᠪᠣᠷ ᠢᠶᠠᠷ ᠠᠮᠤᠷ ᠲᠦᠪᠰᠢᠨ ᠤ ᠭᠡᠮ | ᠰᠤᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠦ ᠶᠡᠭᠡ ᠪᠠᠷ ᠴᠡᠭᠴᠡᠯᠡᠨ ᠵᠠᠰᠠᠬᠤ ᠶᠢ ᠪᠣᠳᠠᠲᠠᠢ ᠠᠳᠬᠤᠵᠦ᠂ ᠠᠷᠠᠳ ᠤᠯᠠᠨ ᠤ ᠠᠮᠢ ᠨᠠᠰᠤ ᠪᠠ ᠡᠳ᠋ ᠬᠦᠷᠦᠩᠬᠡ ᠶᠢᠨ | ᠠᠮᠤᠷ ᠲᠦᠪᠰᠢᠨ ᠢ ᠰᠠᠶᠢᠳᠤᠷ ᠬᠠᠮᠠᠭᠠᠯᠠᠬᠤ ᠭᠡᠷᠡᠭᠳᠡᠢ᠃ ᠡᠷᠬᠡᠪᠰᠢ ᠴᠢᠰᠤᠲᠤ ᠰᠤᠷᠭᠠᠮᠵᠢ ᠶᠢ ᠪᠠᠲᠤ ᠴᠡᠭᠡᠵᠢᠯᠡᠵᠦ᠂ ᠭᠦᠨᠵᠡᠭᠡᠢ ᠡᠷᠭᠢᠴᠡᠭᠦᠯᠦᠨ ᠲᠤᠩᠭᠠᠵᠤ᠂ ᠡᠬᠡ | ᠤᠯᠤᠰ ᠤᠨ ᠤᠮᠠᠷᠠᠳᠤ ᠶᠢᠨ ᠠᠮᠤᠷ ᠲᠦᠪᠰᠢᠨ ᠲᠤᠬᠳᠠᠭᠤᠨ ᠤ ᠬᠠᠯᠬᠠᠪᠴᠢ ᠶᠢ ᠪᠠᠲᠤ ᠴᠤᠬᠴᠠᠯᠠᠬᠤ ᠦᠨᠳᠦᠷᠴᠡ ᠠᠴᠠ ᠠᠶᠤᠯᠭᠦᠢ ᠦᠢᠯᠡᠳᠪᠦᠷᠢᠯᠡᠯ ᠤᠨ | ᠬᠦᠪᠴᠢ ᠶᠢ ᠴᠢᠩᠭᠠᠯᠠᠵᠤ᠂ ᠠᠮᠤᠷ ᠲᠦᠪᠰᠢᠨ ᠬᠦᠭᠵᠢᠯᠳᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠭᠡᠷᠡᠭᠳᠡᠢ᠃ ᠡᠷᠬᠡᠪᠰᠢ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠵᠢᠬᠰᠠᠭᠠᠨ ᠪᠠᠶᠢᠴᠠᠭᠠᠵᠦ | ᠴᠡᠭᠴᠡᠯᠡᠨ ᠰᠠᠶᠢᠵᠢᠷᠠᠭᠤᠯᠬᠤ᠂ ᠲᠤᠰᠬᠠᠢ ᠴᠡᠭᠴᠡᠯᠡᠨ ᠵᠠᠰᠠᠬᠤ᠂ ᠬᠠᠮᠢᠶᠠᠷᠤᠯᠲᠠ ᠪᠤᠯᠪᠠᠰᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠶᠤᠯᠭᠦᠢ | ᠦᠢᠯᠡᠳᠪᠦᠷᠢᠯᠡᠯ ᠢ ᠬᠦᠴᠦᠷᠭᠡᠭᠵᠢᠬᠦᠯᠬᠦ ᠪᠠ ᠬᠠᠤᠯᠢ ᠬᠡᠷᠡᠭᠵᠢᠬᠦᠯᠬᠦ ᠳᠤ ᠬᠢᠨᠠᠯᠲᠠ ᠲᠠᠯᠪᠢᠬᠤ ᠶᠢ ᠨᠠᠷᠢᠨ ᠬᠢᠨᠠᠮᠠᠭᠠᠢ᠂ ᠨᠣᠮᠣᠬᠠᠨ ᠰᠢᠳᠤᠷᠭᠤ ᠪᠠᠷ ᠰᠠᠶᠢᠳᠤᠷ ᠠᠳᠬᠤᠬᠤ | ᠭᠡᠷᠡᠭᠳᠡᠢ᠃ ᠬᠦᠨᠳᠤ ᠨᠤᠴᠢᠲᠠᠢ ᠦᠷᠡᠭᠳᠡᠯ ᠭᠠᠷᠭᠠᠭᠰᠠᠨ ᠠᠳᠡᠯ ᠠᠴᠠ ᠴᠢᠩᠭ᠎ᠠ ᠰᠤᠷᠭᠠᠮᠵᠢ ᠠᠪᠴᠤ᠂ ᠡᠷᠬᠡᠪᠰᠢ ᠭᠦᠨᠵᠡᠭᠡᠢ ᠵᠠᠳᠠᠯᠤᠨ ᠰᠢᠨᠵᠢᠯᠡᠵᠦ᠂ ᠨᠢᠭᠡ ᠠᠴᠠ | ᠨᠦᠭᠦᠭᠡ ᠶᠢ ᠵᠦᠢᠴᠢᠯᠡᠨ ᠮᠡᠳᠡᠵᠦ᠂ ᠠᠰᠠᠭᠤᠳᠠᠯ ᠢ ᠲᠣᠳᠣᠷᠬᠠᠢ ᠤᠶᠢᠯᠠᠭᠠᠵᠦ᠂ ᠬᠠᠷᠢᠭᠤᠴᠠᠯᠭ᠎ᠠ ᠶᠢ ᠲᠣᠳᠣᠷᠬᠠᠢ ᠲᠤᠬᠳᠠᠭᠠᠵᠦ᠂ ᠲᠦᠷᠢᠮ ᠢ ᠨᠠᠷᠢᠨ ᠲᠣᠳᠣᠷᠬᠠᠢ | ᠲᠤᠬᠳᠠᠭᠠᠵᠦ᠂ ᠰᠠᠬᠢᠯᠭ᠎ᠠ ᠪᠠᠳᠤ ᠶᠢ ᠴᠢᠩᠭ᠎ᠠ ᠪᠣᠳᠠᠲᠠᠢ ᠠᠳᠬᠤᠵᠦ᠂ ᠡᠯ᠎ᠡ ᠲᠦᠷᠦᠯ ᠤᠨ ᠬᠦᠨᠳᠦ ᠶᠡᠭᠡ ᠠᠮᠤᠷ ᠲᠦᠪᠰᠢᠨ ᠤ ᠠᠳᠡᠯ ᠡᠬᠦᠰᠬᠦ ᠶᠢ ᠡᠷᠡᠰ ᠰᠡᠷᠬᠡᠶᠢᠯᠡᠬᠦ | ᠭᠡᠷᠡᠭᠳᠡᠢ ᠭᠡᠵᠡᠢ᠃ | ᠬᠤᠸᠠᠩ ᡁᠢ ᠴᠢᠶᠠᠩ ᠠᠵᠢᠯᠯᠠᠭ᠎ᠠ ᠶᠢ ᠡᠷᠬᠢᠯᠡᠪᠡ᠃ ᠲᠠᠶᠢᠴᠢᠨ᠂ ᠪᠠᠶ ᠴᠢᠩ ᠶᠤᠸᠠᠨ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠪᠠ᠃ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠡᠤ ᠶᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠮᠸᠡᠭ ᠰᠤ᠋ | ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠬᠠᠮᠢᠶ᠎ᠠ ᠪᠥᠬᠦᠶ ᠤᠳᠤᠷᠢᠳᠤᠯᠭ᠎ᠠ᠂ ᠡᠯ᠎ᠡ ᠪᠠᠯᠭᠠᠰᠤ᠂ ᠡᠯ᠎ᠡ ᠬᠤᠯᠪᠤᠬᠳᠠᠯ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ | | |