ᠡᠵᠡᠨ ᠬᠤᠷᠤᠭ᠎ᠠ ᠬᠤᠰᠢᠭᠤ ︽6.26︾ ᠣᠯᠠᠨ ᠤᠯᠤᠰ ᠤᠨ ᠬᠤᠤᠷ ᠴᠠᠭᠠᠵᠠᠯᠠᠬᠤ ᠡᠳᠦᠷ ᠤᠨ ᠲᠦᠮᠡᠨ ᠬᠥᠮᠦᠨ ᠤ ᠤᠬᠠᠭᠤᠯᠭ᠎ᠠ ᠎ ᠶᠢᠨ ᠠᠵᠢᠯᠯᠠᠭ᠎ᠠ  ᠶᠠᠪᠤᠭᠳᠠᠭᠤᠯᠪᠠ
ᠨᠡᠶᠢᠲᠡᠯᠡᠭᠰᠡᠨ ᠴᠠᠭ᠄
2023/6/27
       6 ᠳ᠋ᠤᠭᠠᠷ ᠰᠠᠷ᠎ᠠ ᠶᠢᠨ 26᠎ ᠤ ᠡᠳᠦᠷ᠂ 2023 ᠣᠨ ᠤ ᠡᠵᠡᠨ ᠬᠤᠷᠤᠭ᠎ᠠ ᠬᠤᠰᠢᠭᠤᠨ ᠤ ︽6.26︾ ᠣᠯᠠᠨ ᠤᠯᠤᠰ ᠤᠨ ᠬᠤᠤᠷ ᠴᠠᠭᠠᠵᠠᠯᠠᠬᠤ ᠡᠳᠦᠷ ᠤᠨ ᠲᠦᠮᠡᠨ ᠬᠥᠮᠦᠨ ᠤ ᠤᠬᠠᠭᠤᠯᠭ᠎ᠠ ᠶᠢᠨ ᠡᠬᠢᠯᠡᠯᠲᠡ ᠶᠢᠨ ᠶᠣᠰᠣᠯᠠᠯ ᠵᠢᠶᠦ᠋ᠨ ᠸᠠᠩ ᠤᠨ ᠣᠷᠳᠣᠨ ᠤ ᠠᠭᠤᠳᠠᠮ ᠲᠠᠯᠠᠪᠠᠶ ᠳᠤ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠦᠢ ᠶᠦᠩ ᠫᠢᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠠᠨ ᡁᠢ ᠪᠢᠨ᠂  ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠴᠧᠨ ᠰᠢᠶᠤᠤ ᠵᠢᠶᠦ᠋ᠨ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠸᠠᠩ ᠷᠦᠢ ᠱᠠᠨ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠶᠤᠸᠠᠢ ᠽᠤ᠋ ᠺᠦᠨ ᠬᠤᠷᠠᠯ ᠳᠤ ᠣᠷᠣᠯᠴᠠᠪᠠ᠃       ᠡᠬᠢᠯᠡᠯᠲᠡ ᠶᠢᠨ ᠶᠣᠰᠣᠯᠠᠯ ᠳᠡᠭᠡᠷ᠎ᠡ᠂ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠬᠤᠤᠷ ᠴᠠᠭᠠᠵᠠᠯᠠᠬᠤ ᠨᠡᠶᠢᠲᠡ ᠶᠢᠨ ᠠᠰᠠᠷᠠᠮᠵᠢ ᠶᠢᠨ ᠤᠬᠠᠭᠤᠯᠬᠤ ᠠᠩᠭᠢ ᠶᠢᠨ ᠲᠥᠯᠥᠭᠡᠯᠡᠭᠴᠢ ᠲᠠᠩᠭᠠᠷᠢᠭᠯᠠᠪᠠ ᠃ ᠪᠥᠬᠦ ᠬᠤᠰᠢᠭᠤᠨ ᠤ ᠬᠤᠤᠷ ᠴᠠᠭᠠᠵᠠᠯᠠᠬᠤ ᠳᠦᠷᠢ ᠲᠥᠷᠬᠦ ᠶᠢᠨ ᠡᠯᠴᠢᠨ ᠰᠠᠶᠢᠳ ᠲᠤ ᠤᠷᠢᠯᠭ᠎ᠠ ᠶᠢᠨ ᠪᠢᠴᠢᠭ ᠭᠠᠷᠳᠠᠭᠤᠯᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ᠰᠠᠨᠠᠭᠠᠴᠢᠯᠠᠭ᠎ᠠ ᠶᠢᠨ ᠭᠠᠷ ᠤᠨ ᠥᠰᠥᠭ ᠵᠢᠷᠤᠬᠤ ᠲᠣᠭᠤᠷᠢᠭ ᠪᠠ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠦᠵᠡᠭᠦᠯᠭᠡ ᠶᠢᠨ ᠲᠣᠭᠤᠷᠢᠭ ᠲᠣᠬᠢᠷᠠᠭᠤᠯᠵᠤ᠂ ᠲᠤᠬᠠᠶ ᠶᠢᠨ ᠲᠠᠯᠠᠪᠤᠷ ᠲᠤ ᠭᠠᠷ ᠤᠨ ᠥᠰᠥᠭ ᠵᠢᠷᠤᠬᠤ᠂ ᠦᠵᠡᠭᠦᠯᠭᠡ ᠶᠢᠨ ᠰᠠᠮᠪᠠᠷ᠎ᠠ ᠶᠢ ᠳᠡᠯᠭᠡᠨ ᠦᠵᠡᠭᠦᠯᠬᠦ᠂ ᠬᠠᠷᠢᠯᠴᠠᠨ ᠲᠠᠶᠢᠯᠤᠮᠵᠢ ᠬᠢᠬᠦ ᠵᠢᠴᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠢ ᠬᠠᠪᠰᠤᠷᠤᠨ ᠬᠤᠤᠷᠲᠤ ᠡᠳ᠋ ᠤᠨ ᠬᠤᠤᠷ ᠬᠥᠨᠥᠭᠡᠯ ᠢ ᠭᠦᠨᠵᠡᠭᠡᠶ ᠣᠶᠢᠯᠠᠭᠠᠭᠤᠯᠵᠤ᠂ ᠬᠤᠤᠷᠲᠤ ᠡᠳ᠋ ᠢ ᠲᠠᠨᠢᠬᠤ ᠬᠤᠤᠷᠲᠤ ᠡᠳ᠋ ᠢ ᠰᠡᠷᠭᠡᠶᠢᠯᠡᠬᠦ ᠬᠤᠤᠷᠲᠤ ᠡᠳ᠋ ᠢ ᠡᠰᠡᠷᠭᠦᠴᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃      ᠣᠶᠢᠷ᠎ᠠ ᠶᠢᠨ ᠵᠢᠯ ᠠᠴᠠ ᠨᠠᠭᠠᠰᠢ᠂ ᠬᠤᠰᠢᠭᠤᠨ ᠤ ᠬᠤᠤᠷ ᠴᠠᠭᠠᠵᠠᠯᠠᠬᠤ ᠵᠥᠪᠯᠡᠯ ᠨᠢ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠤᠤᠷ᠎ᠠ᠂ ᠪᠥᠬᠦ ᠬᠤᠰᠢᠭᠤᠨ ᠤ ᠠᠷᠠᠳ ᠲᠦᠮᠡᠨ ᠤ ᠬᠦᠴᠦᠲᠡᠶ ᠳᠡᠮᠵᠢᠯᠭᠡ ᠳᠤᠤᠷ᠎ᠠ᠂ ᠮᠠᠨ ᠤ ᠬᠤᠰᠢᠭᠤᠨ ᠤ ᠪᠥᠬᠦ ᠣᠷᠣᠨ᠂ ᠪᠥᠬᠦ ᠬᠤᠲᠠ ᠶᠢᠨ ︽ᠲᠤᠯᠭᠠᠭᠤᠷᠢ ᠬᠦᠴᠦᠨ︾᠂ ︽ᠳᠠᠭᠠᠭᠤᠯᠤᠭᠴᠢ ᠬᠦᠴᠦᠨ︾᠎ ᠤ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ︽ᠨᠠᠮ ᠵᠠᠰᠠᠭ ᠤᠨ ᠭᠤᠤᠯ ᠬᠠᠷᠢᠭᠤᠴᠠᠯᠭ᠎ᠠ᠂ ᠨᠡᠶᠢᠭᠡᠮ ᠤᠨ ᠬᠠᠮᠲᠤ ᠶᠢᠨ ᠵᠠᠰᠠᠯᠲᠠ︾᠎ ᠶᠢᠨ ᠠᠵᠢᠯ ᠤᠨ ᠰᠢᠰᠲ᠋ᠧᠮ ᠢ ᠲᠠᠰᠤᠷᠠᠯᠲᠠ ᠥᠬᠡᠶ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠣᠬᠢᠯᠲᠠ ᠥᠭᠬᠦ ᠰᠡᠷᠭᠡᠶᠢᠯᠡᠬᠦ ᠶᠢ ᠤᠶᠠᠯᠳᠤᠭᠤᠯᠬᠤ᠂ ᠶᠡᠷᠦᠩᠬᠡᠶᠢᠯᠡᠨ ᠵᠠᠰᠠᠬᠤ ᠰᠢᠨ᠎ᠡ ᠪᠠᠶᠢᠷᠢᠰᠢᠯ ᠢ ᠰᠦᠪᠡᠭᠴᠢᠯᠡᠨ ᠰᠢᠨ᠎ᠡ ᠶᠢ ᠡᠭᠦᠳᠴᠦ᠂ ᠪᠥᠬᠦ ᠬᠤᠰᠢᠭᠤᠨ ᠤ ᠬᠤᠤᠷ ᠴᠠᠭᠠᠵᠠᠯᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠶᠡᠭᠡ ᠪᠠᠷ ᠠᠬᠢᠭᠤᠯᠪᠠ᠃      ᠬᠤᠤᠷ ᠴᠠᠭᠠᠵᠠᠯᠠᠬᠤ ᠡᠳᠦᠷ ᠎ ᠤᠨ  ᠤᠬᠭᠠᠤᠯᠭ᠎ᠠ ᠶᠢᠨ ᠠᠵᠢᠯᠯᠠᠭ᠎ᠠ ᠪᠠᠷ ᠲᠠᠮᠵᠢᠨ᠂ ᠥᠷᠭᠡᠨ ᠣᠯᠠᠨ ᠠᠷᠠᠳ ᠲᠦᠮᠡᠨ ᠤ ᠬᠤᠤᠷ ᠲᠠᠨᠢᠵᠤ ᠬᠤᠤᠷ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠤᠷ ᠴᠠᠭᠠᠵᠠᠯᠠᠬᠤ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠵᠦ᠂ ᠡᠵᠡᠨ ᠬᠤᠷᠤᠭ᠎ᠠ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ  ᠦᠵᠡᠬᠦᠯᠬᠦ ᠶᠤᠮ᠃        
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ