ᠡᠵᠡᠨ ᠬᠤᠷᠤᠭ᠎ᠠ ᠬᠤᠰᠢᠭᠤ ᠮᠢᠭᠮᠡᠨ ᠰᠢᠲᠠᠷ᠎ᠠ ᠶᠢ ᠰᠤᠷᠭᠠᠭᠤᠯᠢ ᠶᠢᠨ ᠬᠦᠷᠢᠶᠡᠨ ᠳᠤ ᠤᠷᠤᠭᠤᠯᠵᠤ ︽ᠰᠢᠲᠠᠷ᠎ᠠ ᠶᠢᠨ ᠪᠠᠶᠠᠰᠤᠯ ᠠᠭᠤᠰᠤᠯᠴᠠᠯ︾᠎ ᠢ ᠠᠪᠴᠢᠷᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2023/6/28
      ᠮᠢᠭᠮᠡᠨ ᠰᠢᠲᠠᠷ᠎ᠠ ᠨᠢ ᠳᠤᠮᠳᠠᠳᠤ ᠤᠯᠤᠰ ᠤᠨ ᠤᠯᠠᠮᠵᠢᠯᠠᠯᠲᠤ ᠰᠢᠯᠢᠳᠡᠭ ᠰᠣᠶᠣᠯ ᠤᠨ ᠦᠨᠡᠲᠦ ᠡᠷᠳᠡᠨᠢ ᠪᠣᠯᠤᠭᠰᠠᠨ ᠤ ᠬᠤᠪᠢ ᠳᠤ᠂ ᠣᠳᠣ ᠨᠢᠭᠡᠨᠲᠡ ᠬᠡᠪ ᠴᠢᠨᠠᠷ ᠤᠨ ᠰᠤᠷᠭᠠᠨ ᠬᠥᠮᠦᠵᠢᠯ ᠤᠨ ᠴᠢᠬᠤᠯᠠ ᠠᠴᠢᠶᠠᠯᠠᠪᠤᠷᠢ ᠶᠢᠨ ᠨᠢᠭᠡ ᠨᠢ ᠪᠤᠯᠵᠤ ᠪᠠᠶᠢᠨ᠎ᠠ᠃ ᠤᠢᠢᠷ᠎ᠠ ᠶᠢᠨ ᠵᠢᠯ ᠳᠤ᠂ ᠡᠵᠡᠨ ᠬᠤᠷᠤᠭ᠎ᠠ ᠬᠤᠰᠢᠭᠤ  ᠰᠢᠳᠠᠷ᠎ᠠ ᠪᠠᠷ ᠬᠥᠮᠦᠨ ᠢ ᠬᠥᠮᠦᠵᠢᠭᠦᠯᠬᠦ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠮᠢᠭᠮᠡᠠ ᠰᠢᠳᠠᠷ᠎ᠠ ᠶᠢ ᠲᠦᠭᠡᠮᠡᠯᠵᠢᠭᠦᠯᠬᠦ ᠵᠢᠭᠠᠨ ᠰᠤᠷᠭᠠᠯᠲᠠ ᠶᠢᠨ ᠠᠵᠢᠯ ᠢ ᠥᠷᠭᠡᠨ ᠢᠶᠠᠷ ᠥᠷᠨᠢᠭᠦᠯᠵᠦ᠂ ᠲᠤᠷᠰᠢᠯᠲᠠ ᠶᠢᠨ ᠰᠤᠷᠭᠠᠭᠤᠯᠢ ᠳᠤ ᠮᠢᠭᠮᠡᠠ ᠰᠢᠳᠠᠷ᠎ᠠ ᠶᠢᠨ ᠰᠤᠷᠭᠠᠭᠤᠯᠢ ᠶᠢᠨ ᠥᠪᠡᠷ ᠤᠨ ᠬᠢᠴᠢᠶᠡᠯ ᠪᠠ ᠨᠡᠶᠢᠭᠡᠮ ᠤᠨ ᠪᠦᠯᠬᠦᠮ ᠤᠨ ᠬᠢᠴᠢᠶᠡᠯ ᠢ ᠨᠡᠭᠡᠭᠡᠬᠦ ᠪᠠᠷ ᠳᠠᠮᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠬᠦᠳᠦᠯᠤᠠ ᠵᠢᠯᠣᠭᠤᠳᠴᠤ ᠪᠠᠶᠢᠭᠠᠳ ᠮᠢᠭᠮᠡᠠ ᠰᠢᠳᠠᠷ᠎ᠠ ᠶᠢᠨ ᠮᠥᠷᠦ᠋ᠢᠴᠡᠭᠡᠨ ᠳᠤ ᠬᠠᠪᠤ ᠴᠡᠩᠭᠡᠯ ᠡᠳ᠋ᠯᠡᠭᠦᠯᠵᠦ᠂ ᠡᠷᠴᠢ ᠵᠣᠷᠢᠭ ᠢ ᠨᠢ ᠳᠠᠪᠲᠠᠨ ᠪᠣᠯᠪᠠᠰᠤᠷᠠᠭᠤᠯᠵᠤ᠂ ᠰᠢᠯᠢᠳᠡᠭ ᠤᠯᠠᠮᠵᠢᠯᠠᠯᠲᠤ ᠰᠣᠶᠣᠯ ᠢ ᠨᠢ ᠤᠯᠠᠮᠵᠢᠯᠠᠨ  ᠵᠠᠯᠭᠠᠮᠵᠢᠯᠠᠭᠤᠯᠵᠤ ᠪᠠᠶᠢᠨ᠎ᠠ᠃      ᠰᠢᠲᠠᠷ᠎ᠠ ᠰᠤᠷᠬᠤ ᠨᠢ ᠰᠤᠷᠤᠭᠴᠢᠳ ᠤᠨ ᠣᠶᠤᠨ ᠢ ᠨᠡᠭᠡᠭᠡᠬᠦ ᠳᠤ ᠲᠤᠰᠠᠲᠠᠶ ᠮᠥᠷᠲᠡᠭᠡᠨ ᠰᠡᠳᠬᠢᠯ ᠰᠠᠨᠠᠭ᠎ᠠ ᠶᠢ ᠲᠠᠶᠢᠪᠤᠡᠭ  ᠪᠤᠯᠭᠠᠵᠤ ᠴᠢᠳᠠᠳᠠᠭ᠃ ᠮᠢᠭᠮᠡᠨ ᠰᠢᠲᠠᠷ᠎ᠠ ᠶᠢ ᠰᠤᠷᠤᠯᠴᠠᠬᠤ ᠨᠢ ᠬᠡᠦᠬᠡᠳ ᠤᠨ ᠴᠡᠭᠡᠵᠢᠯᠡᠬᠦ ᠴᠢᠳᠠᠪᠤᠷᠢ ᠶᠢ ᠰᠠᠶᠢᠵᠢᠷᠠᠭᠤᠯᠵᠤ᠂ ᠠᠩᠬᠠᠷᠤᠯ ᠢ ᠨᠢ ᠲᠦᠪᠯᠡᠷᠡᠬᠦᠯᠤᠨ᠂ ᠰᠢᠲᠠᠷ᠎ᠠ ᠲᠠᠯᠪᠢᠬᠤ ᠶᠠᠪᠤᠴᠠ ᠳᠤ ᠨᠠᠷᠢᠨ ᠨᠢᠮᠪᠠᠶ ᠪᠣᠳᠣᠯᠬᠢᠯᠠᠬᠤ ᠨᠢ ᠨᠡᠩ ᠴᠤ ᠬᠡᠦᠬᠡᠳ ᠢ ᠨᠠᠷᠢᠨ ᠬᠢᠨᠠᠮᠠᠭᠠᠶ ᠰᠡᠳᠬᠢᠨ ᠪᠣᠳᠣᠯᠬᠢᠯᠠᠬᠤ ᠰᠤᠷᠤᠯᠴᠠᠬᠤ ᠣᠪᠣᠷ ᠲᠠᠢ ᠪᠣᠯᠭᠠᠵᠤ᠂ ᠪᠡᠶ᠎ᠡ ᠪᠠᠨ ᠳᠠᠭᠠᠭᠠᠵᠤ ᠰᠡᠳᠬᠢᠬᠦ ᠪᠠ ᠪᠡᠶ᠎ᠡ ᠪᠠᠨ ᠳᠠᠭᠠᠭᠠᠵᠤ ᠠᠰᠠᠭᠤᠳᠠᠯ ᠢ  ᠰᠢᠢᠳᠪᠤᠷᠢᠯᠡᠬᠦ ᠴᠢᠳᠠᠪᠤᠷᠢ ᠲᠠᠢ ᠪᠣᠯᠭᠠᠵᠤ ᠴᠢᠳᠠᠳᠠᠭ᠃      ᠣᠳᠣᠬᠠᠨ ᠪᠣᠯᠲᠠᠯ᠎ᠠ᠂ ᠡᠵᠡᠨ ᠬᠤᠷᠤᠭ᠎ᠠ ᠬᠤᠰᠢᠭᠤ ᠬᠠᠷᠢᠶᠠᠲᠤ ᠣᠷᠣᠨ ᠤ 22 ᠳᠤᠮᠳᠠᠳᠤ ᠪᠠᠭ᠎ᠠ ᠰᠤᠷᠭᠠᠭᠤᠯᠢ ᠳᠤ ᠮᠢᠭᠮᠡᠨ ᠰᠢᠳᠠᠷ᠎ᠠ ᠶᠢᠨ ᠬᠢᠴᠢᠶᠡᠯ ᠨᠡᠭᠡᠭᠡᠵᠦ᠂ ᠪᠠᠷᠤᠭ 2000 ᠭᠠᠷᠤᠢ ᠵᠠᠯᠠᠭᠤ ᠪᠠᠭᠠᠴᠤᠳ ᠠᠰᠢᠭ ᠭᠥᠷᠳᠡᠵᠦ᠂ ᠪᠥᠬᠦ ᠬᠤᠰᠢᠭᠤᠨ ᠤ ᠮᠢᠭᠮᠡᠨ ᠰᠢᠳᠠᠷ᠎ᠠ ᠶᠢᠨ ᠪᠠᠶᠢᠷᠢ ᠰᠠᠭᠤᠷᠢ ᠲᠠᠢ ᠲᠠᠮᠢᠷᠴᠢᠨ ᠨᠢᠭᠡᠨᠲᠡ 200 ᠭᠠᠷᠤᠶ ᠴᠤᠯᠭᠤᠷᠠᠨ ᠭᠠᠷᠤᠭᠰᠠᠨ ᠪᠠᠶᠢᠨ᠎ᠠ᠃       ᠣᠷᠴᠢᠮ ᠤᠨ ᠵᠢᠯ ᠠᠴᠠ ᠨᠠᠰᠢ᠂ ᠡᠵᠡᠨ ᠬᠤᠷᠤᠭ᠎ᠠ ᠬᠤᠰᠢᠭᠤ ᠮᠢᠭᠮᠡᠨ ᠰᠢᠳᠠᠷ᠎ᠠ ᠶᠢᠨ ᠬᠢᠴᠢᠶᠡᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ︽ᠬᠤᠶᠠᠷ ᠢ ᠬᠦᠩᠭᠡᠷᠡᠬᠦᠯᠬᠦ︾ ᠲᠥᠷᠥ ᠶᠢᠨ ᠪᠣᠳᠣᠯᠭ᠎ᠠ  ᠳᠤ ᠤᠷᠤᠭᠤᠯᠵᠤ᠂ ᠪᠡᠶ᠎ᠡ ᠶᠢᠨ ᠲᠠᠮᠢᠷ᠂ ᠤᠷᠠᠯᠢᠭ ᠤᠨ ᠣᠨᠴᠠ ᠴᠢᠳᠠᠪᠤᠷᠢ ᠲᠠᠢ ᠰᠤᠷᠤᠭᠴᠢᠳ ᠤᠨ ᠲᠦᠷᠭᠡᠨ ᠬᠥᠭᠵᠢᠯᠲᠡ ᠶᠢ ᠠᠬᠢᠭᠤᠯᠤᠨ᠂ ᠡᠯ᠎ᠡ ᠰᠤᠷᠤᠯᠭ᠎ᠠ ᠶᠢᠨ ᠱᠠᠲᠤᠨ ᠤ ᠪᠥᠬᠦ ᠠᠵᠢᠯᠲᠠᠨ ᠤ ᠬᠥᠭᠵᠢᠯᠲᠡ ᠶᠢᠨ  ᠰᠢᠰᠲ᠋ᠧᠮ ᠢ ᠪᠠᠶᠢᠭᠤᠯᠵᠤ᠂ ︽ᠵᠣᠯ ᠵᠢᠷᠭᠠᠯᠳᠤ ᠰᠤᠷᠭᠠᠨ ᠬᠥᠮᠦᠵᠢᠯ︾᠎ ᠤᠨ ᠨᠠᠷᠠᠲᠤ ᠲᠡᠮᠳᠡᠭᠲᠦ ᠶᠢ ᠪᠣᠶ ᠪᠣᠯᠭᠠᠬᠤ ᠴᠢᠬᠤᠯᠠ ᠠᠷᠭ᠎ᠠ ᠬᠡᠮᠵᠢᠶ᠎ᠡ ᠪᠤᠯᠭᠠᠵᠤ ᠪᠠᠶᠢᠨ᠎ᠠ᠃ ᠡᠵᠡᠨ ᠬᠤᠷᠤᠭ᠎ᠠ ᠬᠤᠰᠢᠭᠤ ᠵᠠᠯᠭᠠᠭ᠎ᠠ ᠪᠠᠷ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠮᠢᠭᠮᠡᠨ ᠰᠢᠳᠠᠷ᠎ᠠ ᠶᠢᠨ ᠶᠡᠭᠡ ᠬᠤᠷᠠᠯ ᠢ ᠬᠢᠵᠤ᠂ ᠳᠤᠮᠳᠠᠳᠤ ᠤᠯᠤᠰ ᠤᠨ ᠮᠢᠭᠮᠡᠨ ᠰᠢᠳᠠᠷ᠎ᠠ ᠶᠢᠨ ᠬᠥᠬᠡ ᠲᠡᠰ ᠤᠨ ᠬᠤᠯᠪᠣᠭᠠᠲᠤ ᠤᠷᠤᠯᠳᠤᠭᠠᠨ᠂ ᠤᠯᠤᠰ ᠤᠨ ᠮᠢᠭᠮᠡᠨ ᠰᠢᠳᠠᠷᠴᠢᠳ ᠤᠨ ᠣᠷᠳᠣᠰ ᠲᠠᠬᠢ ᠠᠶᠠᠯᠠᠯ ᠵᠡᠷᠭᠡ 50 ᠭᠠᠷᠤᠶ ᠤᠳᠠᠭᠠᠨ ᠤ ᠳᠡᠭᠡᠳᠦ ᠲᠠᠰ ᠤᠨ ᠤᠷᠤᠯᠳᠤᠭᠠᠨ ᠢ ᠶᠠᠪᠤᠭᠳᠠᠭᠤᠯᠵᠤ᠂ ᠡᠯ᠎ᠡ ᠲᠥᠷᠥᠯ ᠤᠨ ᠰᠤᠷᠭᠠᠭᠤᠯᠢ ᠶᠢᠨ ᠬᠦᠷᠢᠶᠡᠨ ᠤ ᠨᠡᠶᠢᠭᠡᠮ ᠤᠨ ᠪᠦᠯᠬᠦᠮ ᠤᠨ ᠠᠵᠢᠯᠯᠠᠭ᠎ᠠ ᠵᠢᠴᠢ ᠵᠠᠯᠠᠭᠤᠴᠤᠳ ᠪᠠᠭᠠᠴᠤᠳ ᠤᠨ ᠮᠢᠭᠮᠡᠨ ᠰᠢᠳᠠᠷ᠎ᠠ ᠶᠢᠨ ᠤᠷᠤᠯᠳᠤᠭᠠᠨ ᠢ ᠪᠠᠶᠢᠩᠭᠤ ᠵᠣᠬᠢᠶᠠᠨ ᠪᠠᠶᠢᠭᠤᠯᠵᠦ᠂ ᠡᠵᠡᠨ ᠬᠤᠷᠤᠭ᠎ᠠ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ᠂ ᠡᠵᠡᠨ ᠬᠤᠷᠤᠭ᠎ᠠ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ᠂ ᠡᠵᠡᠨ ᠬᠤᠷᠤᠭ᠎ᠠ ᠬᠤᠰᠢᠭᠤᠨ ᠤ ᠳᠥᠷᠪᠡᠳᠦᠭᠡᠷ ᠪᠠᠭ᠎ᠠ ᠰᠤᠷᠭᠠᠭᠤᠯᠢ᠂ ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠠᠷᠢᠶᠠᠲᠤ ᠪᠠᠭ᠎ᠠ ᠰᠤᠷᠭᠠᠭᠤᠯᠢ ᠵᠡᠷᠭᠡ 4 ᠰᠤᠷᠭᠠᠭᠤᠯᠢ ᠨᠢ ︽ᠪᠥᠬᠦ ᠤᠯᠤᠰ ᠤᠨ ᠮᠢᠭᠮᠡᠨ ᠰᠢᠳᠠᠷ᠎ᠠ ᠶᠢᠨ ᠤᠨᠴᠠᠯᠢᠭᠳᠤ ᠰᠤᠷᠭᠠᠭᠤᠯᠢ︾᠎ ᠪᠠᠷ ᠦᠨᠡᠯᠡᠭᠳᠡᠵᠦ᠂ ᠪᠥᠬᠦ ᠬᠤᠰᠢᠭᠤᠨ ᠤ ᠮᠢᠭᠮᠡᠠ ᠰᠢᠲᠠᠷ᠎ᠠ ᠶᠢᠨ ᠵᠠᠯᠠᠭᠤᠴᠤᠳ ᠤᠨ ᠪᠣᠯᠪᠠᠰᠤᠷᠠᠯ ᠤᠨ ᠠᠩᠭᠢ ᠪᠠ ᠮᠢᠭᠮᠡᠠ ᠰᠢᠲᠠᠷ᠎ᠠ ᠶᠢᠨ ᠤᠨᠴᠠᠯᠢᠭᠳᠤ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠨᠢ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠤᠷᠤᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤ ᠪᠠᠭᠰᠢ ᠶᠢᠨ ᠪᠠᠶᠢᠭᠤᠯᠤᠯᠲᠠ᠂ ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠪᠣᠯᠪᠠᠰᠤᠷᠠᠯ ᠤᠨ ᠥᠷᠢᠰᠥᠯᠳᠦᠭᠡᠨ ᠤ ᠰᠢᠰᠲ᠋ᠧᠮ ᠵᠡᠷᠭᠡ ᠲᠠᠯ᠎ᠠ ᠪᠠᠷ ︿ᠮᠢᠭᠮᠡᠨ ᠰᠢᠳᠠᠷ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ﹀᠎ ᠶᠢ ᠶᠡᠭᠡ ᠪᠠᠷ ᠠᠬᠢᠭᠤᠯᠵᠤ᠂ ᠥᠨᠳᠥᠷ ᠬᠢᠷᠢ ᠲᠦᠪᠰᠢᠨ ᠪᠥᠬᠦᠶ ᠲᠠᠮᠢᠷᠴᠢᠨ ᠢ ᠣᠷᠣᠭᠤᠯᠤᠨ ᠠᠪᠴᠢᠷᠠᠵᠤ ᠮᠢᠭᠮᠡᠨ ᠰᠢᠳᠠᠷ᠎ᠠ ᠶᠢᠨ ᠪᠠᠭᠰᠢ ᠪᠣᠯᠭᠠᠬᠤ ᠪᠠᠷ ᠲᠥᠯᠥᠪᠯᠡᠵᠦ᠂ ᠮᠢᠭᠮᠡᠨ ᠰᠢᠳᠠᠷ᠎ᠠ ᠶᠢᠨ ᠪᠠᠭᠰᠢ ᠶᠢᠨ ᠲᠤᠰᠬᠠᠶ ᠮᠡᠷᠭᠡᠵᠢᠯ ᠤᠨ ᠪᠣᠯᠪᠠᠰᠤᠷᠠᠯ ᠤᠨ ᠲᠦᠷᠢᠮ ᠢ ᠪᠠᠶᠢᠭᠤᠯᠵᠤ᠂ ᠮᠢᠭᠮᠡᠨ ᠰᠢᠳᠠᠷ᠎ᠠ ᠶᠢᠨ ᠪᠠᠭᠰᠢ ᠶᠢᠨ ᠡᠩᠨᠡᠭᠡ ᠶᠢᠨ ᠵᠢᠭᠠᠨ ᠰᠤᠷᠭᠠᠬᠤ ᠴᠢᠳᠠᠪᠤᠷᠢ ᠶᠢ  ᠲᠡᠭᠡᠭᠰᠢᠯᠡᠬᠦᠯᠦᠨ᠂ ᠵᠢᠭᠠᠨ ᠰᠤᠷᠭᠠᠬᠤ ᠶᠢ ᠰᠤᠳᠤᠯᠤᠨ ᠶᠠᠷᠢᠯᠴᠠᠬᠤ᠂ ᠲᠤᠷᠰᠢᠯᠭ᠎ᠠ ᠪᠠᠨ ᠰᠣᠯᠢᠯᠴᠠᠬᠤ ᠵᠡᠷᠭᠡ ᠵᠢᠭᠠᠨ ᠰᠤᠳᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠬᠦᠯᠵᠦ᠂ ᠲᠤᠰᠬᠠᠶ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠤᠨ᠂ ᠮᠢᠭᠮᠡᠨ ᠰᠢᠲᠠᠷ᠎ᠠ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠬᠢᠨᠠᠨ ᠰᠢᠨᠵᠢᠬᠦ ᠲᠣᠭᠲᠠᠴᠠ ᠶᠢ ᠪᠦᠷᠢᠨᠰᠢᠬᠦᠯᠵᠦ᠂ ᠪᠡᠶ᠎ᠡ ᠶᠢᠨ ᠲᠠᠮᠢᠷ ᠤᠨ ᠤᠷᠤᠯᠳᠤᠭᠠᠨ ᠤ  ᠰᠢᠰᠲ᠋ᠧᠮ ᠢ ᠪᠦᠷᠢᠨᠰᠢᠬᠦᠯᠦᠨ᠂ ᠡᠵᠡᠨ ᠬᠤᠷᠤᠭ᠎ᠠ ᠬᠤᠰᠢᠭᠤ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠥᠬᠦ ᠤᠯᠤᠰ ᠲᠤ ᠨᠡᠯᠢᠶᠡᠳ ᠶᠡᠭᠡ ᠨᠥᠯᠥᠭᠡᠯᠡᠬᠦ ᠬᠦᠴᠦᠨ ᠲᠠᠢ ᠮᠢᠭᠮᠡᠨ ᠰᠢᠳᠠᠷ᠎ᠠ ᠶᠢᠨ  ᠤᠨᠴᠠᠯᠢᠭᠳᠤ ᠵᠢᠱᠢᠶ᠎ᠡ ᠦᠵᠡᠭᠦᠯᠬᠦ ᠭᠠᠵᠠᠷ ᠣᠷᠣᠨ ᠪᠣᠯᠭᠠᠵᠤ᠂ ᠮᠢᠭᠮᠡᠨ ᠰᠢᠳᠠᠷ᠎ᠠ ᠪᠠᠷ ᠲᠥᠯᠥᠭᠡᠯᠡᠭᠦᠯᠦᠭᠰᠡᠨ ᠡᠯ᠎ᠡ ᠲᠥᠷᠥᠯ ᠤᠨ ᠣᠶᠤᠨ ᠤ ᠬᠥᠳᠡᠯᠭᠡᠭᠡᠨ ᠤ ᠯᠠᠪᠳᠠᠭᠤᠨ ᠢᠶᠠᠷ ᠬᠥᠭᠵᠢᠬᠦ ᠶᠢ ᠠᠬᠢᠭᠤᠯᠬᠤ ᠪᠠᠷ ᠪᠠᠶᠢᠨ᠎ᠠ᠃        
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ