| ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠭᠦᠨ ᠵᠤᠵᠠᠭᠠᠨ | ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 2 ᠤᠨ ᠡᠳᠦᠷ᠂ ᠡᠵᠡᠨ ᠬᠤᠷᠤᠭ᠎ᠠ ᠬᠤᠰᠢᠭᠤᠨ ᠤ ᠰᠤᠶᠤᠯ ᠪᠠ ᠵᠢᠭᠤᠯᠴᠢᠯᠠᠯ ᠤᠨ | ᠲᠤᠪᠴᠢᠶᠠᠨ ᠠᠴᠠ ᠭᠤᠤᠯᠯᠠᠨ ᠡᠷᠬᠢᠯᠡᠵᠦ᠂ ᠬᠤᠰᠢᠭᠤᠨ ᠤ ᠰᠤᠶᠤᠯ ᠤᠨ ᠤᠷᠳᠤᠨ᠂ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠲᠦᠪ ᠠᠴᠠ ᠬᠠᠷᠢᠭᠤᠴᠠᠨ | ᠡᠷᠬᠢᠯᠡᠭᠰᠡᠨ《 ᠪᠤᠳᠠᠰ ᠤᠨ ᠪᠤᠰᠤ ᠰᠤᠶᠤᠯ ᠤᠨ ᠦᠪ ᠤᠨ ᠰᠢᠰᠲ᠋ᠧᠮᠳᠦ ᠴᠢᠨᠠᠷᠳᠠᠢ ᠬᠠᠮᠠᠭᠠᠯᠠᠯᠳᠠ ᠶᠢ ᠴᠢᠩᠭᠠᠳᠬᠠᠵᠦ᠂ ᠦᠷᠬᠦᠯᠵᠢᠯᠡᠬᠦᠶᠢᠴᠡ ᠬᠦᠭᠵᠢᠯᠳᠡ ᠶᠢ | ᠠᠬᠢᠭᠤᠯᠬᠤ ᠭᠡᠬᠦ ᠪᠠᠷ ᠭᠤᠤᠯ ᠰᠡᠳᠦᠪᠯᠡᠭᠰᠡᠨ ᠡᠵᠡᠨ ᠬᠤᠷᠤᠭ᠎ᠠ ᠬᠤᠰᠢᠭᠤᠨ ᠤ 2023 ᠤᠨ ᠤ《 ᠰᠤᠶᠤᠯ ᠪᠠ ᠪᠠᠶᠢᠭᠠᠯᠢ ᠶᠢᠨ ᠦᠪ ᠤᠨ ᠡᠳᠦᠷ》 ᠤᠨ ᠰᠢᠷᠢᠰ | ᠠᠵᠢᠯᠯᠠᠭ᠎ᠠ ᠠᠯᠳᠠᠨᠰᠢᠷᠡᠭᠡ ᠪᠠᠯᠭᠠᠰᠤ ᠶᠢᠨ ᠵᠢᠶᠦ᠋ᠨ ᠸᠠᠩ ᠤᠨ ᠤᠷᠳᠤᠨ ᠤ ᠠᠭᠤᠳᠠᠮ ᠲᠠᠯᠠᠪᠠᠢ ᠳᠤ ᠶᠠᠪᠤᠬᠳᠠᠯ᠎ᠠ᠃ | ᠠᠵᠢᠯᠯᠠᠭ᠎ᠠ ᠨᠢ ᠭᠤᠤᠯᠳᠠᠭᠤ ᠤᠷᠠᠨ ᠭᠤᠶᠢᠳᠠ ᠦᠨᠳᠦᠰᠦᠳᠡᠨ ᠤ ᠬᠤᠪᠴᠠᠰᠤ ᠵᠠᠰᠠᠯ᠂ ᠨᠠᠷᠢᠯᠢᠭ ᠦᠵᠡᠮᠦᠷᠢᠳᠡᠢ ᠭᠠᠷ ᠤᠷᠠᠯᠠᠯ ᠤᠨ ᠪᠦᠳᠦᠭᠡᠭᠳᠡᠬᠦᠨ ᠵᠡᠷᠭᠡ | 23 ᠲᠦᠷᠦᠯ ᠤᠨ ᠪᠣᠳᠠᠰ ᠤᠨ ᠪᠤᠰᠤ ᠰᠣᠶᠣᠯ ᠤᠨ ᠥᠪ ᠤᠨ《 ᠲᠡᠷᠭᠡᠨ ᠲᠡᠭᠡᠷᠡᠬᠢ ᠵᠠᠬ᠎ᠠ᠂ ᠣᠷᠳᠣᠰ ᠤᠨ ᠴᠢᠩᠭᠢᠰ ᠬᠠᠭᠠᠨ ᠤ ᠤᠷᠠᠯᠢᠭ ᠤᠨ ᠪᠦᠯᠬᠦᠮ ᠠᠴᠠ | ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠤᠷᠠᠨ ᠰᠠᠶᠢᠬᠠᠨ ᠤ ᠲᠣᠭᠯᠠᠯᠲᠠ ︽ᠣᠷᠳᠣᠰ ᠬᠤᠷᠢᠮ︾ ᠢ ᠲᠤᠬᠠᠯᠠᠬᠤ᠂ ᠰᠣᠶᠣᠯ ᠵᠢᠭᠤᠯᠴᠢᠯᠠᠯ ᠢ | ᠲᠠᠨᠢᠯᠴᠠᠭᠤᠯᠬᠤ ᠰᠦᠯᠵᠢᠶᠡᠨ ᠤᠳᠤ ᠰᠢᠭᠤᠳ ᠨᠡᠪᠳᠡᠷᠡᠬᠦᠯᠭᠡ ᠬᠢᠬᠦ᠂ ᠪᠣᠳᠠᠰ ᠤᠨ ᠪᠤᠰᠤ ᠰᠣᠶᠣᠯ ᠤᠨ ᠥᠪ ᠤᠨ ᠲᠤᠬᠠᠢ ᠠᠰᠠᠭᠤᠯᠲᠠ ᠬᠠᠷᠢᠭᠤᠯᠬᠤ ᠵᠡᠷᠭᠡ | ᠬᠡᠯᠪᠡᠷᠢ ᠪᠠᠷ ᠶᠠᠪᠤᠬᠳᠠᠭᠤᠯᠵᠦ᠂ ᠠᠷᠠᠳ ᠤᠯᠠᠨ ᠳᠤ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠪᠠ ᠤᠯᠠᠮᠵᠢᠯᠠᠬᠤ ᠶᠢᠨ ᠴᠢᠬᠤᠯᠠ ᠴᠢᠨᠠᠷ ᠢ ᠲᠠᠨᠢᠭᠤᠯᠵᠦ᠂ | ᠡᠵᠡᠨ ᠬᠤᠷᠤᠭ᠎ᠠ ᠶᠢᠨ ᠪᠤᠳᠠᠰ ᠤᠨ ᠪᠤᠰᠤ ᠰᠤᠶᠤᠯ ᠤᠨ ᠦᠪ ᠢ ᠨᠡᠩ ᠢᠯᠡᠬᠦᠦ ᠠᠩᠬᠠᠷᠤᠨ ᠤᠶᠢᠯᠠᠭᠠᠭᠤᠯᠬᠤ ᠶᠢ ᠵᠤᠷᠢᠬᠰᠠᠨ ᠪᠠᠶᠢᠨ᠎ᠠ᠃ | ᠤᠶᠢᠷ᠎ᠠ ᠶᠢᠨ ᠵᠢᠯ ᠳᠤ᠂ ᠡᠵᠡᠨ ᠬᠤᠷᠤᠭ᠎ᠠ ᠬᠤᠰᠢᠭᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠠᠰᠢᠭᠯᠠᠬᠤ ᠶᠢ ᠦᠷᠭᠦᠯᠵᠢᠯᠡᠨ | ᠴᠢᠩᠭᠠᠳᠬᠠᠵᠤ᠂ ᠵᠢᠭᠤᠯᠴᠢᠯᠠᠯ ᠬᠢᠭᠡᠳ ᠪᠣᠳᠠᠰ ᠤᠨ ᠪᠤᠰᠤ ᠰᠣᠶᠣᠯ ᠤᠨ ᠥᠪ ᠤᠨ ᠭᠦᠨᠵᠡᠭᠡᠶ ᠠᠭᠤᠰᠤᠯᠴᠠᠯ ᠤᠨ ᠪᠦᠲᠦᠮᠵᠢᠲᠡᠶ ᠠᠷᠭ᠎ᠠ ᠵᠠᠮ ᠢ ᠢᠳᠡᠪᠬᠢᠲᠡᠶ | ᠰᠦᠪᠡᠭᠴᠢᠯᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠲᠡᠮᠳᠡᠭ ᠢ ᠤᠯᠠᠮ ᠨᠢᠭᠡ ᠠᠯᠬᠤᠮ ᠪᠣᠶ ᠪᠤᠯᠭᠠᠨ᠂ ᠠᠵᠢᠯᠯᠠᠭ᠎ᠠ ᠪᠠᠷ ᠠᠷᠠᠳ ᠤᠯᠠᠨ ᠤ | ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠣᠨ ᠨᠤᠲᠤᠭ ᠤᠨ ᠰᠢᠯᠢᠳᠡᠭ ᠤᠯᠠᠮᠵᠢᠯᠠᠯᠲᠤ | ᠰᠣᠶᠣᠯ ᠢ ᠤᠯᠠᠮᠵᠢᠯᠠᠨ ᠪᠠᠳᠠᠷᠠᠭᠤᠯᠵᠤ᠂ ᠮᠠᠨ ᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠬᠦᠢᠴᠡᠳ | ᠳᠡᠯᠭᠡᠨ ᠦᠵᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠤᠯᠭᠠᠬᠰᠠᠨ ᠪᠠᠶᠢᠨ᠎ᠠ᠃ | |