ᠡᠵᠡᠨ ᠬᠤᠷᠤᠭ᠎ᠠ  ᠬᠤᠰᠢᠭᠤᠨ ᠳᠤ ᠠᠭᠤᠷᠬᠠᠶ ᠶᠢᠨ ᠣᠷᠣᠨ ᠤ ᠪᠣᠬᠢᠷᠲᠤᠯ ᠥᠬᠡᠶ ︽ᠬᠥᠳᠡᠭᠡ ᠠᠵᠤ ᠠᠬᠤᠶ︾᠎ ᠶᠢᠨ ᠳᠠᠭᠤᠤ ᠬᠠᠩᠬᠢᠨᠠᠵᠤ ᠪᠠᠶᠢᠨ᠎ᠠ
ᠨᠡᠶᠢᠲᠡᠯᠡᠭᠰᠡᠨ ᠴᠠᠭ᠄
2023/6/5
      ᠪᠣᠷᠣ ᠲᠡᠭᠡᠭ ᠲᠣᠰᠬᠤᠨ ᠤ 2000 ᠰᠢᠬᠠᠮ ᠮᠦ ᠦᠷ᠎ᠡ ᠪᠤᠶᠢᠵᠢᠭᠤᠯᠬᠤ ᠰᠠᠭᠤᠷᠢᠨ ᠤ ᠲᠠᠷᠢᠶᠠᠨ ᠭᠠᠵᠠᠷ ᠲᠤ᠂ ᠥᠪᠡᠷᠮᠢᠴᠡ ᠣᠨᠴᠠᠯᠢᠭ ᠲᠠᠢ ᠭᠠᠵᠠᠷ ᠰᠢᠷᠣᠢ ᠶᠢ ᠬᠡᠪᠴᠢᠶᠡᠵᠢᠭᠦᠯᠦᠨ ᠲᠠᠷᠢᠬᠤ ᠲᠦᠷᠦᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠳᠠᠵᠤ᠂ ᠲᠣᠰᠬᠤᠨ ᠤ ᠠᠷᠠᠳ ᠬᠦᠷᠦᠯᠴᠡᠨ ᠢᠷᠡᠵᠦ᠂ ᠡᠨᠡᠬᠦ ᠪᠠᠶᠠᠷ ᠪᠠᠶᠠᠰᠤᠯ ᠪᠣᠯᠤᠨ ᠵᠣᠯ ᠵᠢᠷᠭᠠᠯ ᠢᠶᠠᠨ ᠬᠤᠪᠢᠶᠠᠯᠴᠠᠨ ᠡᠳ᠋ᠯᠡᠬᠦ ᠶᠢ ᠬᠠᠮᠲᠤ ᠪᠠᠷ ᠭᠡᠷᠡᠴᠢᠯᠡᠪᠡ᠃ ᠠᠳᠡᠬᠢ ᠨᠤᠳᠤᠭ ᠤᠨ ᠪᠤᠭᠤᠷᠤᠯᠴᠤᠳ ᠨᠠᠰᠤ ᠪᠠᠷ ᠢᠶᠠᠨ ᠤᠯᠠᠮᠵᠢᠯᠠᠯᠳᠤ ᠠᠷᠭ᠎ᠠ ᠪᠠᠷ ᠲᠠᠷᠢᠶ᠎ᠠ ᠪᠠᠨ ︽ᠬᠠᠭᠠᠯᠪᠤᠷᠢᠯᠠᠵᠤ︾᠂  ᠲᠡᠭᠷᠢ ᠶᠢᠨ ᠴᠢᠷᠠᠢ ᠶᠢ ᠬᠠᠷᠠᠨ ᠲᠠᠷᠢᠶ᠎ᠠ ᠪᠠᠨ ᠲᠠᠷᠢᠵᠤ᠂ ᠭᠠᠩ ᠬᠠᠭᠰᠠᠷᠠᠭᠠᠨ ᠲᠠᠢ ᠵᠢᠯ ᠲᠣᠬᠢᠶᠠᠯᠳᠤᠪᠠᠯ ᠮᠥᠬᠦᠯᠢᠭ ᠠᠮᠤ ᠴᠦ ᠦᠭᠡᠢ ᠪᠣᠯᠬᠤ ᠪᠠᠷ ᠪᠠᠷᠠᠬᠤ ᠦᠭᠡᠢ ᠪᠠᠰᠠ ᠦᠷ᠎ᠡ᠂ ᠬᠢᠮᠢ ᠶᠢᠨ ᠪᠤᠷᠳᠤᠭᠤᠷ ᠢᠶᠠᠨ ᠲᠠᠯᠠᠭᠠᠷ ᠤᠷᠤᠭᠤᠯᠤᠨ᠂ ᠬᠥᠮᠦᠨ ᠤ ᠬᠦᠴᠤ ᠤᠷᠤᠭᠤᠯᠤᠭᠰᠠᠨ ᠬᠦᠴᠢᠷ ᠵᠣᠪᠠᠭᠤᠷᠢ ᠶᠢ ᠨᠡᠩ ᠴᠤ ᠭᠡᠯᠡᠬᠦ ᠶᠢᠨ ᠠᠷᠭ᠎ᠠ ᠦᠭᠡᠢ ᠶᠤᠮ᠃  ᠤᠳᠤᠬᠠᠨ ᠳᠤ᠂ ᠨᠡᠬᠦᠷᠡᠰᠤ ᠮᠠᠯᠳᠠᠭᠠᠳ ᠲᠤᠷᠤᠭᠰᠢ ᠰᠠᠭᠤᠭᠰᠠᠨ ᠤᠷᠤᠨ ᠢ ᠰᠡᠷᠬᠦᠭᠡᠨ ᠵᠠᠰᠠᠬᠤ ᠠᠷᠭ᠎ᠠ ᠭᠡᠮᠵᠢᠶ᠎ᠡ ᠶᠢ ᠠᠪᠤᠭᠰᠠᠨ ᠠᠴᠠ᠂  ᠥᠩᠭᠡᠷᠡᠭᠰᠡᠨ ᠳᠤ ᠠᠳᠠᠷᠰᠢᠭᠰᠠᠨ᠂ ᠲᠠᠴᠢᠷ ᠪᠠᠶᠢᠭᠰᠠᠨ ᠲᠠᠷᠢᠶᠠᠨ ᠭᠠᠵᠠᠷ ᠨᠢ ᠣᠲᠣ ᠪᠤᠯᠬᠤ ᠳᠤ ᠨᠢᠭᠡᠨᠲᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠬᠡᠪ ᠨᠠᠮᠪᠠ ᠲᠠᠢ ᠪᠣᠯᠵᠣ᠂ ᠬᠡᠷ ᠤᠨ ᠢᠶᠠᠨ ᠬᠠᠨᠵᠤᠨ ᠳᠡᠭᠡᠷ᠎ᠡ ᠪᠠᠨ ᠰᠠᠭᠤᠵᠤ ᠪᠠᠶᠢᠭᠠᠳ ᠲᠦᠷᠢᠶᠡᠰᠦᠨ ᠮᠥᠩᠭᠦ ᠬᠤᠷᠢᠶᠠᠵᠤ ᠪᠤᠯᠬᠤ ᠶᠢ  ᠭᠡᠨ ᠴᠤ ᠪᠤᠳᠤᠵᠤ ᠤᠯᠤᠭ᠎ᠠ ᠦᠭᠡᠢ ᠶᠤᠮ᠃      ᠪᠣᠷᠣ ᠲᠡᠭᠡᠭ ᠲᠣᠰᠬᠤᠨ ᠨᠢ ᠨᠡᠬᠦᠷᠡᠰᠤ ᠮᠠᠯᠳᠠᠭᠠᠳ ᠲᠤᠷᠤᠭᠰᠢ ᠰᠠᠭᠤᠭᠰᠠᠨ ᠤᠷᠤᠨ ᠢ ᠰᠡᠷᠬᠦᠭᠡᠨ ᠵᠠᠰᠠᠬᠤ ᠲᠤᠭᠤᠷᠢᠭ ᠲᠤ ᠪᠠᠶᠢᠷᠢᠯᠠᠨ᠂ ᠨᠥᠬᠦᠴᠡᠯ ᠤᠨ ᠬᠢᠵᠠᠭᠠᠷᠯᠠᠯ ᠲᠤᠤᠷ᠎ᠠ᠂ ᠤᠤᠯ ᠤᠨ ᠲᠠᠷᠢᠶᠠᠨ ᠭᠠᠵᠠᠷ ᠲᠤ ᠨᠢ ᠨᠡᠶᠢᠳᠡᠮ ᠳᠡᠭᠡᠨ ᠬᠦᠢᠯᠡᠰᠦᠨ ᠮᠣᠳᠣ ᠳᠠᠷᠢᠵᠤ᠂ ᠴᠢᠨᠠᠭᠰᠢᠯᠠᠪᠠᠯ ᠠᠳᠠᠷᠰᠢᠭᠤᠯᠤᠨ ᠬᠠᠶᠠᠵᠤ ᠪᠠᠶᠢᠪᠠ᠃ 2023 ᠣᠨ ᠳᠤ᠂ ᠲᠣᠰᠬᠤᠨ ᠤ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠᠷ ᠡᠳᠡᠭᠡᠷ ᠭᠠᠵᠠᠷ ᠰᠢᠷᠣᠢ ᠶᠢ ᠨᠢᠭᠡᠳᠦᠯᠲᠡᠢ ᠨᠡᠶᠢᠳᠬᠡᠪᠡ᠃ ᠡᠮᠬᠢᠯᠡᠨ ᠨᠡᠶᠢᠯᠡᠭᠦᠯᠵᠦ ᠳᠠᠭᠤᠰᠤᠭᠰᠠᠨ ᠤ ᠳᠠᠷᠠᠭ᠎ᠠ᠂ ᠠᠵᠤ ᠠᠬᠤᠶᠢᠯᠠᠯ ᠢ ᠣᠷᠣᠭᠤᠯᠤᠨ ᠬᠡᠪᠴᠢᠶᠡᠵᠢᠭᠦᠯᠦᠨ ᠳᠠᠷᠢᠵᠤ᠂  ᠲᠤᠰ ᠤᠳᠠᠭᠠᠨ ᠤ ᠭᠡᠷ᠎ᠡ ᠲᠤᠭᠳᠠᠬᠤ ᠪᠠᠷ ᠲᠠᠮᠵᠢᠨ ᠲᠠᠷᠢᠶᠠᠴᠢᠳ᠂ ᠲᠣᠰᠬᠤᠨ ᠤ ᠬᠠᠮᠲᠤ ᠨᠡᠶᠢᠲᠡ᠂ ᠠᠵᠤ ᠠᠬᠤᠶᠢᠯᠠᠯ ᠭᠤᠷᠪᠠᠨ ᠲᠠᠯ᠎ᠠ ᠶᠢ ᠨᠢᠭᠲᠠ ᠬᠤᠯᠪᠣᠵᠤ᠂ ᠬᠦᠰᠡᠯ ᠡᠷᠡᠮᠡᠯᠵᠡᠯ ᠤᠨ ᠬᠡᠭᠡᠷ᠎ᠡ ᠲᠠᠯ᠎ᠠ ᠳᠤ ᠬᠦᠴᠦ ᠪᠠᠨ ᠬᠠᠮᠲᠤᠳᠬᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠥᠯᠢᠭᠡᠷ ᠢ ᠪᠢᠴᠢᠭᠯᠡᠵᠦ᠂ ᠲᠡᠳᠡᠨ ᠤ ᠬᠠᠷᠠᠴᠠ ᠳᠤ ᠣᠳᠣᠬᠢᠴᠢᠯᠠᠭᠰᠠᠨ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠵᠢᠷᠤᠭ ᠲᠥᠰᠦᠪ ᠲᠣᠳᠣᠷᠠᠵᠤ᠂ ᠲᠡᠳᠡᠨ ᠤ ᠬᠦᠰᠡᠯ ᠡᠷᠡᠮᠡᠯᠵᠡᠯ ᠳᠤ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠰᠢᠨ᠎ᠡ ᠮᠦᠷᠤᠭᠡᠳᠤᠯ ᠲᠣᠳᠣᠷᠠᠪᠠ᠃ ᠠᠵᠤ ᠠᠬᠤᠶᠢᠯᠠᠯ ᠤᠨ ᠬᠢᠨ ᠮᠥ ᠪᠦᠷᠢ ᠳᠤ 600 ᠲᠥᠭᠦᠷᠢᠭ ᠤᠨ  ᠲᠦᠷᠢᠶᠡᠰᠤᠨ ᠮᠦᠩᠬᠦ ᠦᠭᠴᠦ᠂ ᠡᠭᠦᠨ ᠳᠤ 510 ᠲᠥᠭᠦᠷᠢᠭ ᠢ ᠲᠣᠰᠬᠤᠨ ᠤ ᠠᠷᠠᠳ ᠦᠪᠡᠷ ᠢᠶᠠᠨ ᠠᠪᠴᠤ᠂ ᠦᠯᠡᠳᠡᠭᠰᠡᠨ 90 ᠲᠥᠭᠦᠷᠢᠭ ᠢ ᠲᠣᠰᠬᠤᠨ ᠤ ᠬᠠᠮᠲᠤ ᠨᠡᠶᠢᠲᠡ ᠳᠤ ᠲᠤᠰᠢᠶᠠᠨ᠎ᠠ᠃ ᠤᠳᠤᠬᠠᠨ ᠳᠤ 2000 ᠮᠥ ᠭᠠᠵᠠᠷ ᠰᠢᠷᠣᠶ ᠳᠡᠭᠡᠷ᠎ᠡ ᠡᠷᠳᠡᠨᠢ ᠰᠢᠰᠢ ᠲᠠᠷᠢᠵᠤ᠂ ᠠᠳᠡᠬᠢ ᠨᠡᠷᠡᠨ ᠤ ᠲᠤᠰᠤᠯᠲᠠ ᠭᠦᠢᠴᠡᠳ᠂ ᠡᠳᠦᠷ ᠰᠥᠨᠢ ᠶᠢᠨ ᠳᠤᠯᠠᠭᠠᠨ ᠤ ᠵᠦᠷᠢᠶ᠎ᠡ ᠶᠡᠭᠡ ᠪᠤᠯᠬᠤᠷ᠂ ᠡᠷᠳᠡᠨᠢ ᠰᠢᠰᠢ ᠶᠢ ᠪᠤᠶᠢᠵᠢᠭᠤᠯᠬᠤ ᠳᠤ ᠮᠠᠰᠢ ᠲᠣᠬᠢᠷᠠᠮᠵᠢᠲᠠᠢ ᠪᠠᠶᠢᠵᠤ᠂  ᠤᠤᠯ ᠤᠨ ᠬᠡᠮᠵᠢᠯᠲᠡ ᠪᠠᠷ ᠪᠤᠳᠤᠪᠠᠯ᠂ ᠮᠦ ᠪᠦᠷᠢ ᠶᠢᠨ ᠣᠷᠣᠯᠭ᠎ᠠ ᠨᠢ 3000 ᠲᠥᠭᠦᠷᠢᠭ ᠣᠷᠴᠢᠮ ᠪᠤᠯᠤᠨ᠎ᠠ ᠭᠡᠵᠤ ᠲᠦᠰᠤᠪᠯᠡᠵᠦ ᠪᠠᠶᠢᠨ᠎ᠠ᠃      ᠤᠯᠠᠭᠠᠨᠮᠦ᠋ᠷᠡᠨ ᠪᠠᠯᠭᠠᠰᠤ ︽ᠨᠡᠭᠦᠷᠡᠰᠦᠨ ᠳᠠᠯᠠᠢ ᠶᠢᠨ ᠭᠡᠷᠡᠯᠲᠦ ᠰᠤᠪᠤᠳ︾ ᠭᠡᠰᠡᠨ ᠰᠠᠶᠢᠬᠠᠨ ᠠᠯᠳᠠᠷ ᠲᠠᠢ ᠪᠠᠶᠢᠵᠤ᠂ ᠠᠯᠢ ᠤᠯᠠᠨ ᠨᠡᠭᠦᠷᠡᠰᠦᠨ ᠠᠭᠤᠷᠬᠠᠢ ᠪᠠᠶᠢᠵᠤ᠂  ᠨᠤᠳᠤᠭ ᠤᠨ ᠬᠥᠮᠦᠰ ᠦᠷᠭᠦᠯᠵᠢ ︽ᠭᠡᠷ ᠲᠡᠭᠡᠨ ᠠᠭᠤᠷᠬᠠᠢ ᠲᠠᠢ︾ ᠭᠡᠮᠡᠨ ᠬᠠᠷᠢᠯᠴᠠᠨ ᠱᠤᠭᠯᠠᠵᠤ ᠶᠠᠷᠢᠳᠠᠭ᠃ ᠤᠯᠠᠭᠠᠨᠮᠥ᠋ᠷᠡᠨ ᠪᠠᠯᠭᠠᠰᠤ ᠠᠵᠤ  ᠤᠶᠢᠯᠡᠳᠪᠤᠷᠢ ᠶᠢᠨ ᠶᠡᠭᠡ ᠪᠠᠯᠭᠠᠰᠤ ᠪᠠᠶᠢᠵᠤ᠂ ᠬᠥᠳᠡᠭᠡ ᠠᠵᠤ ᠠᠬᠤᠶ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠠᠵᠤ ᠠᠬᠤᠶ ᠶᠢᠨ ︽ᠣᠨᠴᠠ︾ ︽ᠰᠢᠯᠢᠳᠡᠭ︾ ︽  ᠨᠠᠷᠢᠯᠢᠭ︾ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠵᠦ᠂ ᠲᠠᠰᠤᠷᠠᠯᠲᠠ ᠥᠬᠡᠶ ᠰᠢᠨ᠎ᠡ ᠠᠷᠭ᠎ᠠ ᠬᠡᠮᠵᠢᠶ᠎ᠡ ᠠᠪᠴᠤ᠂ ᠰᠢᠨ᠎ᠡ ᠠᠷᠭ᠎ᠠ ᠵᠠᠮ ᠨᠡᠭᠡᠭᠡᠵᠦ᠂ ᠰᠢᠨ᠎ᠡ ᠬᠥᠳᠡᠯᠭᠡᠬᠦ ᠬᠦᠴᠦᠨ ᠢ ᠣᠷᠣᠭᠤᠯᠤᠨ ᠠᠪᠴᠢᠷᠠᠵᠤ᠂ ᠰᠢᠨ᠎ᠡ ᠳᠠᠪᠠᠭᠤᠯᠢᠭ ᠢ ᠪᠤᠶᠢᠵᠢᠭᠤᠯᠵᠤ ᠪᠠᠶᠢᠨ᠎ᠠ᠃ 2023 ᠣᠨ ᠳᠤ᠂ ᠪᠠᠯᠭᠠᠰᠤᠨ ᠤ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠤᠶᠢᠯ ᠤᠨ ᠲᠡᠳᠬᠦᠨ ᠳᠡᠮᠵᠢᠬᠦ ᠪᠠᠯᠠ ᠮᠥᠩᠭᠦ ᠶᠢ 2000 ᠲᠦᠮᠡᠨ ᠲᠥᠭᠦᠷᠢᠭ ᠠᠴᠠ ᠲᠤᠤᠷ᠎ᠠ ᠪᠠᠶᠢᠯᠭᠠᠬᠤ ᠥᠬᠡᠶ ᠪᠠᠷ ᠲᠦᠯᠤᠪᠯᠡᠵᠦ᠂ ᠡᠭᠦᠨ ᠤ ᠤᠯᠠᠮ ᠢᠶᠠᠷ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠭᠤᠷᠬᠠᠶ ᠶᠢᠨ ᠣᠷᠣᠨ ᠤ ᠣᠯᠠᠨ ᠲᠦᠮᠡᠨ ᠳᠤ ᠠᠰᠢᠭ ᠣᠷᠣᠯᠭ᠎ᠠ ᠣᠯᠭᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠨᠡᠮᠡᠷᠢᠯᠡᠵᠦ᠂ ᠪᠣᠷᠣᠲᠣᠬᠤᠢ ᠶᠢᠨ ᠭᠠᠵᠠᠷ ᠰᠢᠷᠣᠶ ᠶᠢ ᠬᠡᠪᠴᠢᠶᠡᠵᠢᠭᠦᠯᠦᠨ ᠳᠠᠷᠢᠬᠤ᠂ ᠤᠯᠠᠭᠠᠨᠮᠦ᠋ᠷᠡᠨ ᠲᠣᠰᠬᠤᠨ ᠤ ᠮᠢᠩᠭᠠᠨ ᠮᠥ ᠳᠠᠬᠢᠨ ᠬᠠᠭᠠᠯᠪᠤᠷᠢᠯᠠᠵᠤ ᠳᠠᠬᠢᠨ ᠴᠣᠭᠴᠠᠯᠠᠬᠤ ᠴᠢᠨᠠᠷ ᠰᠠᠶᠢᠲᠠᠶ ᠭᠠᠵᠠᠷ ᠰᠢᠷᠣᠶ ᠶᠢᠨ ᠲᠥᠷᠥᠯ  ᠵᠤᠶᠢᠯ ᠨᠢ ᠴᠥᠮ ᠠᠮᠢᠳᠤᠯᠢᠭ ᠲᠠᠶᠢᠯᠪᠤᠷᠢ ᠪᠤᠯᠤᠨ᠎ᠠ᠃       ᠱᠧᠨ ᠳ᠋ᠦᠩ ᠨᠡᠭᠦᠷᠡᠰᠦᠨ ᠠᠭᠤᠷᠬᠠᠢ ᠶᠢᠨ ᠪᠤᠷᠤ ᠲᠡᠭᠡᠭ ᠤᠨ ᠨᠡᠭᠦᠷᠡᠰᠦ ᠮᠠᠯᠳᠠᠭᠠᠳ ᠳᠣᠷᠣᠭᠰᠢ ᠰᠠᠭᠤᠭᠰᠠᠨ ᠣᠷᠣᠨ ᠤ ᠠᠮᠢ ᠠᠬᠤᠶ ᠶᠢᠨ ᠲᠠᠷᠢᠶᠠᠯᠠᠩ ᠤᠨ ᠲᠠᠷᠢᠮᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ᠂ ᠣᠳᠣᠬᠢᠴᠢᠯᠠᠭᠰᠠᠨ ᠨᠡᠷᠡᠨ ᠤ ᠬᠡᠷᠡᠯ ᠤᠨ ᠬᠦᠯᠡᠮᠵᠢ ᠵᠢᠭᠳᠡᠷᠡᠨ ᠵᠢᠭᠰᠠᠵᠤ᠂ ᠰᠠᠶ᠋ᠢᠬᠠᠨ ᠵᠠᠶᠢᠯᠠᠭᠰᠠᠨ ᠥᠷᠭᠡᠰᠦᠲᠦ ᠬᠡᠮᠬᠡ᠂ ᠲᠥᠪᠡᠳ ᠬᠠᠰᠢ᠂ ᠬᠠᠰᠢ ᠵᠡᠷᠭᠡ ᠨᠣᠭᠤᠭ᠎ᠠ ᠶᠢᠨ ᠴᠢᠬᠢ ᠬᠥᠬᠡᠷᠡᠨ ᠨᠣᠭᠤᠭᠠᠷᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠮᠡᠷᠭᠡᠵᠢᠯᠲᠡᠨ ᠠᠴᠠ ᠬᠦᠯᠡᠮᠵᠢ ᠶᠢᠨ ᠲᠤᠲᠤᠷᠠᠬᠢ ᠴᠢᠭᠢᠭ ᠤᠨ ᠬᠡᠮᠵᠢᠶ᠎ᠡ᠂ ᠳᠤᠯᠠᠭᠠᠨ ᠤ ᠬᠡᠮᠵᠢᠶ᠎ᠡ ᠵᠡᠷᠭᠡ ᠶᠢ ᠭᠡᠮᠵᠢᠨ᠂ ᠤᠯᠠᠮᠵᠢᠯᠠᠯᠲᠤ ᠮᠠᠶ᠋ᠢᠭ ᠤᠨ ᠲᠠᠷᠢᠶ᠎ᠠ ᠲᠠᠷᠢᠵᠤ ᠪᠠᠶᠢᠭᠰᠠᠨ ᠪᠠᠶᠢᠳᠠᠯ ᠢ ᠪᠦᠷᠢᠮᠦᠰᠦᠨ ᠬᠤᠪᠢᠷᠠᠭᠤᠯᠵᠠᠢ᠃       ᠰᠢᠯᠦᠭ ᠵᠢᠷᠤᠭ ᠮᠡᠲᠦ ᠬᠥᠳᠡᠭᠡ ᠨᠤᠲᠤᠭ ᠤᠨ ᠥᠩᠭᠡ ᠦᠵᠡᠮᠵᠢ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠣᠲᠣ ᠦᠶ᠎ᠡ ᠶᠢᠨ ᠲᠠᠷᠢᠶᠠᠯᠠᠩ ᠨᠢ ᠵᠥᠪᠬᠡᠨ ᠤᠯᠠᠭᠠᠨᠮᠦ᠋ᠷᠡᠨ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠵᠡᠮᠵᠢ ᠶᠢᠨ ᠵᠢᠷᠤᠭ ᠤᠨ ᠨᠢᠭᠡ ᠬᠡᠰᠡᠭ ᠪᠠᠶᠢᠵᠤ᠂ ᠥᠷᠭᠡᠨ ᠠᠭᠤᠳᠠᠮ ᠠᠭᠤᠷᠬᠠᠶ ᠶᠢᠨ ᠣᠷᠣᠨ᠂ ᠪᠠᠷᠢᠮᠵᠢᠶᠠᠵᠢᠭᠰᠠᠨ ᠠᠮᠤ ᠪᠤᠳᠠᠭᠠᠨ ᠤ ᠲᠠᠷᠢᠶ᠎ᠠ᠂ ᠣᠳᠣᠬᠢᠴᠢᠯᠠᠭᠰᠠᠨ ᠲᠠᠷᠢᠶᠠᠯᠠᠩ ᠤᠨ ᠲᠥᠬᠦᠭᠡᠷᠦᠮᠵᠢ᠂ ᠠᠵᠤ ᠦᠢᠯᠡᠰᠵᠢᠭᠰᠡᠨ ᠵᠢᠮᠢᠰ ᠢᠳᠡᠰᠢᠨ ᠨᠣᠭᠤᠭ᠎ᠠ ᠶᠢᠨ ᠬᠦᠯᠡᠮᠵᠢ ᠵᠡᠷᠭᠡ ᠨᠢ ᠪᠦᠬᠦᠨ ᠢᠶᠠᠷ ᠢᠶᠠᠨ ᠵᠢᠭᠳᠡᠷᠡᠨ ᠬᠠᠷᠠᠭᠳᠠᠵᠤ᠂ ᠪᠥᠬᠦ ᠪᠠᠯᠭᠠᠰᠤᠨ ᠤ ︽ᠨᠡᠭᠦᠷᠡᠰᠦ ᠪᠠᠷ ᠰᠠᠭᠤᠷᠢ ᠪᠣᠯᠭᠠᠵᠤ᠂ ᠣᠯᠠᠨ ᠡᠰᠢᠲᠦ ᠠᠭᠤᠰᠤᠯᠴᠠᠯ︾᠎ ᠤᠨ ᠬᠥᠭᠵᠢᠯᠲᠡ ᠶᠢᠨ ᠰᠡᠳᠬᠢᠮᠵᠢ ᠨᠢ ᠶᠠᠭ ᠭᠠᠯ ᠬᠠᠯᠠᠭᠤᠨ ᠤᠶᠢᠯᠡᠳᠤᠯᠭᠡ ᠶᠢᠨ ᠠᠵᠢᠯᠯᠠᠭ᠎ᠠ ᠪᠣᠯᠵᠣ ᠬᠤᠪᠢᠷᠠᠨ᠂ ᠬᠥᠬᠡᠮᠳᠦᠭ ᠨᠣᠭᠤᠭᠠᠨ ᠠᠭᠤᠯᠠ ᠤᠰᠤᠨ ᠤ ᠬᠤᠭᠤᠷᠣᠨᠳᠣ ᠠᠭᠤᠷᠬᠠᠶ ᠶᠢᠨ ᠣᠷᠣᠨ ᠤ ᠪᠣᠬᠢᠷᠲᠤᠯ ᠥᠬᠡᠶ ︽ᠬᠥᠳᠡᠭᠡ ᠠᠵᠤ ᠠᠬᠤᠶ︾᠎ ᠶᠢᠨ ᠳᠠᠭᠤᠤ ᠶᠢ ᠬᠠᠩᠬᠢᠨᠠᠭᠤᠯᠵᠤ ᠪᠠᠶᠢᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ