ᠡᠵᠡᠨ ᠬᠤᠷᠤᠭ᠎ᠠ ᠬᠤᠰᠢᠭᠤ ᠰᠢᠯᠭᠠᠯᠳᠠ ᠶᠢᠨ ᠲᠠᠯᠠᠪᠠᠢ ᠶᠢᠨ ᠡᠷᠭᠡ ᠶᠢ ᠰᠤᠷᠤᠭᠴᠢᠳ ᠲᠤ ᠭᠠᠷᠳᠠᠭᠤᠯᠵᠤ ᠰᠢᠯᠭᠠᠯᠳᠠ ᠶᠢᠨ ᠲᠠᠯᠠᠪᠠᠢ ᠶᠢᠨ ᠭᠠᠳᠠᠨᠠᠬᠢ ᠪᠦᠬᠦ ᠠᠵᠢᠯ ᠢ ᠲᠤᠬᠢᠳᠠᠢ ᠲᠤᠬᠢᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/6/7
      2023 ᠣᠨ ᠤ ᠤᠯᠤᠰ ᠤᠨ ᠨᠢᠭᠡᠳᠤᠯᠳᠡᠢ ᠰᠢᠯᠭᠠᠯᠲᠠ ᠬᠦᠷᠴᠤ ᠢᠷᠡᠬᠦ ᠪᠠᠷ᠂ ᠡᠵᠡᠨ ᠬᠤᠷᠤᠭ᠎ᠠ ᠬᠤᠰᠢᠭᠤᠨ ᠤ ᠡᠯ᠎ᠡ ᠰᠠᠯᠠᠭ᠎ᠠ ᠮᠥᠴᠢᠷ ᠤᠷᠢᠳᠴᠢᠯᠠᠨ ᠲᠥᠯᠥᠪᠯᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠣᠯᠠᠨ ᠲᠠᠯ᠎ᠠ ᠪᠠᠷ ᠬᠠᠮᠲᠤᠷᠠᠨ ᠬᠦᠳᠡᠯᠤᠯᠴᠠᠨ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ  ᠨᠢᠭᠡᠳᠤᠯᠳᠡᠢ ᠰᠢᠯᠭᠠᠯᠲᠠ ᠶᠢᠨ ᠤᠶᠢᠯᠡᠴᠢᠯᠡᠭᠡ ᠪᠠᠳᠤᠯᠠᠭᠠᠨ ᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠤ᠂ ᠰᠢᠯᠭᠠᠭᠤᠯᠤᠭᠴᠢ ᠳᠤ ᠠᠮᠤᠷ ᠲᠦᠪᠰᠢᠨ᠂ ᠨᠠᠮ ᠵᠢᠮ᠂ ᠰᠠᠨᠠᠭ᠎ᠠ ᠠᠮᠤᠷ ᠰᠢᠯᠭᠠᠯᠲᠠ ᠶᠢᠨ ᠣᠷᠴᠢᠨ ᠲᠣᠭᠤᠷᠢᠨ ᠢ ᠪᠣᠶ ᠪᠣᠯᠭᠠᠵᠤ ᠦᠭᠴᠦ ᠪᠠᠶᠢᠨ᠎ᠠ᠃      ᠣᠶᠢᠯᠠᠭᠠᠭᠰᠠᠨ ᠢᠶᠠᠷ᠂ ᠡᠨᠡ ᠵᠢᠯ᠂ ᠡᠵᠡᠨ ᠬᠤᠷᠤᠭ᠎ᠠ ᠬᠤᠰᠢᠭᠤ ᠨᠡᠶᠢᠲᠡ 942 ᠰᠢᠯᠭᠠᠭᠤᠯᠤᠭᠴᠢ  ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠤᠷᠤᠯᠴᠠᠵᠤ᠂ ᠡᠭᠦᠨ ᠳᠤ  ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠭᠠᠯᠳᠠᠨ ᠳᠤ 319 ᠬᠥᠮᠦᠨ ᠤᠷᠤᠯᠴᠠᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠢᠯᠭᠠᠯᠳᠠᠨ ᠳᠤ 568 ᠬᠥᠮᠦᠨ ᠤᠷᠤᠯᠴᠠᠵᠤ᠂  ᠡᠬᠦᠨ ᠳᠤ ᠦᠨᠳᠦᠰᠦᠲᠡᠨ ᠤ ᠬᠡᠯᠡ ᠪᠠᠷ ᠬᠢᠴᠢᠶᠡᠯᠯᠡᠵᠤ ᠪᠠᠶᠢᠭᠰᠠᠨ ᠰᠤᠷᠤᠭᠴᠢᠳ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠭᠠᠯᠳᠠᠨ ᠳᠤ ᠤᠷᠤᠯᠴᠠᠬᠤ ᠰᠤᠷᠤᠭᠴᠢ 33 ᠬᠥᠮᠦᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠢᠯᠭᠠᠯᠳᠠᠨ ᠳᠤ ᠤᠷᠤᠯᠴᠠᠬᠤ ᠰᠤᠷᠤᠭᠴᠢ 22 ᠬᠥᠮᠦᠨ ᠪᠤᠢ᠃ ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠵᠡᠨ ᠬᠤᠷᠤᠭ᠎ᠠ ᠬᠤᠰᠢᠭᠤᠨ ᠳᠠᠬᠢ ᠬᠤᠪᠢᠶᠠᠷᠢ ᠰᠤᠷᠭᠠᠭᠤᠯᠢ ᠶᠢᠨ ᠲᠣᠭᠤᠷᠢᠭ ᠲᠤ ᠰᠢᠯᠭᠠᠯᠳᠠ ᠶᠢᠨ ᠲᠠᠯᠠᠪᠠᠢ ᠶᠢ ᠲᠤᠬᠢᠷᠠᠭᠤᠯᠵᠤ᠂ ᠵᠦᠪᠭᠡᠨ ᠨᠢᠭᠡ ᠯᠠ ᠰᠢᠯᠭᠠᠯᠲᠠ ᠶᠢᠨ ᠴᠡᠭ ᠤᠨ 33 ᠰᠢᠯᠭᠠᠯᠲᠠ ᠶᠢᠨ ᠲᠠᠯᠠᠪᠠᠢ ︵1 ᠪᠡᠯᠡᠳᠬᠡᠯ ᠰᠢᠯᠭᠠᠯᠲᠠ ᠶᠢᠨ ᠲᠠᠯᠠᠪᠠᠢ ᠪᠠᠭᠲᠠᠨ᠎ᠠ︶᠎ ᠲᠠᠢ ᠪᠠᠶᠢᠵᠤ᠂ ᠰᠢᠯᠭᠠᠭᠤᠯᠤᠭᠴᠢ ᠶᠢᠨ ᠲᠤᠭ᠎ᠠ ᠨᠢᠳᠤᠨᠤᠨ ᠤ ᠬᠢ ᠠᠴᠠ 35.9 %᠎ ᠪᠠᠷ ᠨᠡᠮᠡᠭᠳᠡᠪᠡ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ