| ᠣᠶᠢᠷ᠎ᠠ ᠳᠤ᠂ ᠥᠪᠥᠷ ᠮᠣᠩᠭᠤᠯ ᠤᠨ ᠬᠠᠮᠤᠭ ᠤᠨ ᠲᠣᠮᠣ ᠸᠢᠰᠺᠢ ᠠᠷᠢᠬᠢᠨ ᠤ ᠦᠢᠯᠡᠳᠪᠦᠷᠢ ᠪᠤᠯᠬᠤ ᠡᠵᠡᠨ ᠬᠤᠷᠤᠭ᠎ᠠ ᠬᠤᠰᠢᠭᠤᠨ ᠤ ᠬᠤᠨᠢᠴᠢᠡᠭᠤᠤᠯ | ᠪᠠᠯᠭᠠᠰᠤᠨ ᠤ ᠮᠸᠡᠭ ᠲᠠᠢ ᠸᠢᠰᠺᠢ ᠠᠷᠢᠬᠢᠨ ᠤ ᠦᠢᠯᠡᠳᠪᠦᠷᠢ ᠲᠤᠷᠰᠢᠨ ᠦᠢᠯᠡᠳᠪᠦᠷᠢᠯᠡᠬᠦ ᠱᠠᠲᠤᠨ ᠳᠤ ᠣᠷᠣᠪᠠ᠃ | ᠸᠢᠰᠺᠢ ᠠᠷᠢᠬᠢᠨ ᠤ ᠦᠢᠯᠡᠳᠪᠦᠷᠢ ᠪᠣᠯ ᠮᠸᠡᠭ ᠲᠠᠢ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠤᠨ ᠨᠢᠭᠡᠨ ᠴᠢᠬᠤᠯᠠ | ᠠᠭᠤᠯᠭ᠎ᠠ ᠪᠣᠯᠤᠨ᠎ᠠ᠂ ᠠᠷᠢᠬᠢᠨ ᠤ ᠦᠢᠯᠡᠳᠪᠦᠷᠢ ᠶᠢᠨ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 2 ᠳ᠋ᠦᠩᠰᠢᠭᠤᠷ ᠲᠥᠭᠦᠷᠢᠭ ᠲᠤ ᠬᠦᠷᠴᠦ᠂ ᠡᠵᠡᠯᠡᠬᠦ ᠲᠠᠯᠠᠪᠠᠢ | 100 ᠮᠥ ᠂ ᠲᠡᠷᠡ ᠨᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠦᠢᠯᠡᠳᠪᠦᠷᠢᠯᠡᠯ᠂ ᠵᠤᠭᠠᠴᠠᠯ᠂ ᠵᠢᠭᠠᠨ ᠰᠤᠷᠭᠠᠯᠲᠠ ᠶᠢ ᠨᠢᠭᠡ ᠴᠣᠭᠴᠠᠵᠢᠭᠤᠯᠤᠭᠰᠠᠨ | ᠸᠢᠰᠺᠢ ᠠᠷᠢᠬᠢ ᠨᠡᠷᠡᠬᠦ ᠦᠢᠯᠡᠳᠪᠦᠷᠢ ᠪᠣᠯᠤᠨ᠎ᠠ᠂ ᠡᠨᠡᠬᠦ ᠲᠥᠷᠥᠯ ᠵᠦᠢᠯ ᠢ 2022 ᠣᠨ ᠤ 3 ᠳ᠋ᠤᠭᠠᠷ ᠰᠠᠷ᠎ᠠ ᠳᠤ ᠡᠬᠢᠯᠡᠨ ᠪᠦᠳᠦᠭᠡᠨ ᠪᠠᠶᠢᠭᠤᠯᠵᠤ᠂ ᠵᠢᠯ ᠳᠤ | 500 ᠲᠦᠮᠡᠨ ᠲᠣᠨ ᠸᠢᠰᠺᠢ ᠠᠷᠢᠬᠢ ᠨᠡᠷᠡᠬᠦ ᠠᠴᠠ ᠭᠠᠳᠠᠨ᠎ᠠ ᠪᠠᠰᠠ ᠬᠥᠳᠡᠯᠭᠡᠬᠦ ᠬᠦᠴᠦᠨ ᠤ ᠦᠢᠯᠡᠳᠪᠦᠷᠢ ᠶᠢᠨ ᠲᠠᠰᠤᠭ᠂ ᠪᠤᠯᠭᠤᠭᠰᠠᠨ ᠠᠷᠢᠬᠢᠨ ᠤ ᠬᠥᠮᠥᠷᠭᠡ᠂ | ᠰᠠᠪᠠᠯᠠᠬᠤ ᠦᠢᠯᠡᠳᠪᠦᠷᠢ ᠶᠢᠨ ᠲᠠᠰᠤᠭ᠂ ᠠᠷᠢᠬᠢᠨ ᠮᠤᠬᠤᠯᠠᠭ ᠤᠨ ᠵᠡᠭᠡᠯᠢ ᠵᠡᠷᠭᠡ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠢᠵᠢ ᠪᠦᠷᠢᠳᠦᠭᠦᠯᠦᠨ ᠪᠥᠲᠥᠭᠡᠨ | ᠪᠠᠶᠢᠭᠤᠯᠵᠠᠢ᠃ ᠵᠢᠩᠬᠢᠨᠢ ᠪᠠᠷ ᠠᠰᠢᠭᠯᠠᠯᠲᠠ ᠳᠤ ᠤᠷᠤᠭᠰᠠᠨ ᠤ ᠳᠠᠷᠠᠭ᠎ᠠ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠤ ᠳᠠᠷᠢᠭᠰᠠᠨ ᠡᠷᠳᠡᠨᠢ ᠰᠢᠰᠢ ᠶᠢ 3000 | ᠭᠠᠷᠤᠶ ᠲᠣᠨ ᠰᠢᠩᠭᠡᠭᠡᠬᠦ ᠶᠢᠨ ᠬᠠᠮᠳᠤ ᠠᠷᠢᠬᠢᠨ ᠰᠢᠭᠠᠷᠤ ᠶᠢ ᠴᠢᠨᠠᠷ ᠰᠠᠶᠢᠲᠠᠶ ᠮᠠᠯ ᠤᠨ ᠲᠡᠵᠢᠭᠡᠯ ᠪᠤᠷᠳᠤᠭ᠎ᠠ ᠪᠤᠯᠭᠠᠨ ᠪᠤᠯᠪᠠᠰᠤᠷᠠᠭᠤᠯᠵᠦ᠂ ᠥᠪᠡᠷ ᠤᠨ | ᠥᠷᠲᠡᠭ ᠤᠨ ᠦᠨ᠎ᠡ ᠪᠠᠷ ᠲᠤᠬᠠᠶ ᠶᠢᠨ ᠭᠠᠵᠠᠷ ᠤᠨ ᠲᠡᠵᠢᠭᠡᠨ ᠦᠷᠡᠵᠢᠭᠦᠯᠬᠦ ᠡᠷᠦᠬᠡ ᠳᠤ ᠬᠤᠳᠠᠯᠳᠤᠨ ᠦᠭᠬᠦ ᠪᠣᠯᠤᠨ᠎ᠠ᠃ ᠠᠷᠢᠬᠢᠨ ᠮᠤᠬᠤᠯᠠᠭ ᠤᠨ ᠵᠡᠭᠡᠯᠢ ᠵᠡᠷᠭᠡ | ᠰᠣᠶᠣᠯ ᠵᠢᠭᠤᠯᠴᠢᠯᠠᠯ ᠤᠨ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠬᠡᠰᠡᠭ ᠮᠠᠯᠴᠢᠨ ᠲᠠᠷᠢᠶᠠᠴᠢᠨ ᠳᠤ ᠠᠵᠢᠯ ᠤᠯᠭᠤᠬᠤ ᠪᠤᠯᠤᠨ᠎ᠠ᠃ | |