2023 ᠣᠨ ᠤ ᠠᠩᠬᠠᠳᠤᠭᠠᠷ ᠬᠤᠭᠤᠴᠠᠭᠠᠨ ᠤ ᠣᠷᠳᠣᠰ ᠤᠨ ︽ᠶᠢᠰᠦᠨ ᠡᠷᠳᠡᠨᠢ ᠬᠤᠨᠳᠠᠭᠠᠲᠤ︾ ᠣᠯᠠᠨ ᠤᠯᠤᠰ ᠤᠨ ᠪᠡᠶ᠎ᠡ ᠴᠢᠭᠢᠷᠠᠭᠵᠢᠯ ᠭᠤᠸᠠᠵᠢᠯ ᠤᠨ ᠰᠢᠯᠢᠳᠡᠭᠴᠦᠳ ᠤᠨ ᠳᠡᠮᠡᠴᠡᠭᠡᠨ ᠡᠵᠡᠨ ᠬᠤᠷᠤᠭ᠎ᠠ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/7/1
      6 ᠳ᠋ᠤᠭᠠᠷ ᠰᠠᠷ᠎ᠠ ᠶᠢᠨ 30᠎ ᠤ ᠡᠳᠦᠷ ᠠᠴᠠ 7 ᠳ᠋ᠤᠭᠠᠷ ᠰᠠᠷ᠎ᠠ ᠶᠢᠨ 3᠎ ᠤ ᠡᠳᠦᠷ ᠪᠣᠯᠲᠠᠯ᠎ᠠ᠂ 2023 ᠣᠨ ᠤ ᠠᠩᠬᠠᠳᠤᠭᠠᠷ ᠬᠤᠭᠤᠴᠠᠭᠠᠨ ᠤ ᠣᠷᠳᠣᠰ ᠬᠤᠲᠠ ᠶᠢᠨ ︽ᠶᠢᠰᠦᠨ ᠡᠷᠳᠡᠨᠢ ᠬᠤᠨᠳᠠᠭᠠᠲᠤ︾  ᠤᠯᠠᠨ ᠤᠯᠤᠰ ᠤᠨ ᠪᠡᠶ᠎ᠡ ᠴᠢᠭᠢᠷᠠᠭᠵᠢᠯ ᠭᠤᠸᠠᠵᠢᠯ ᠤᠨ ᠰᠢᠯᠢᠳᠡᠭᠴᠦᠳ ᠤᠨ ᠳᠡᠮᠡᠴᠡᠭᠡᠨ ᠡᠵᠡᠨ ᠬᠤᠷᠤᠭ᠎ᠠ ᠬᠤᠰᠢᠭᠤᠨ ᠤ ᠠᠵᠢᠯᠴᠢᠨ ᠤ ᠰᠣᠶᠣᠯ ᠤᠨ ᠣᠷᠳᠣᠨ ᠳᠤ ᠶᠠᠪᠤᠭᠳᠠᠪᠠ᠃      ᠤᠷᠤᠯᠳᠤᠭᠠᠨ ᠨᠢ ᠡᠷᠡᠭᠲᠡᠶ ᠶᠢᠨ ᠪᠡᠶ᠎ᠡ ᠴᠢᠭᠢᠷᠠᠭᠵᠢᠯ᠂ ᠤᠯᠠᠮᠵᠢᠯᠠᠯᠲᠤ ᠭᠤᠸᠠᠵᠢᠯ ᠪᠠ ᠡᠮᠡᠭᠲᠡᠶ ᠶᠢᠨ ᠪᠢᠺᠢᠨᠢ ᠪᠡᠶ᠎ᠡ ᠴᠢᠭᠢᠷᠠᠭᠵᠢᠯ ᠵᠡᠷᠭᠡ ᠠᠯᠢ ᠣᠯᠠᠨ ᠤᠷᠤᠯᠳᠤᠭᠠᠨ ᠤ ᠲᠦᠷᠤᠯ ᠵᠤᠶᠢᠯ ᠢ ᠳᠤᠭᠤᠶᠢᠯᠠᠩ ᠬᠤᠪᠢᠶᠠᠨ ᠲᠣᠬᠢᠷᠠᠭᠤᠯᠵᠤ᠂ ᠨᠡᠶᠢᠲᠡ 10 ᠠᠳᠠᠯᠢ ᠪᠤᠰᠤ ᠳᠡᠰ ᠤᠨ ᠪᠡᠯᠡᠨ ᠮᠦᠩᠬᠦ ᠶᠢᠨ ᠱᠠᠩᠨᠠᠯ ᠢ ᠲᠤᠬᠢᠷᠠᠭᠤᠯᠤᠨ᠂ ᠶᠡᠷᠦᠩᠬᠡᠶ ᠲᠤᠭ᠎ᠠ ᠨᠢ 25 ᠲᠦᠮᠡᠨ ᠲᠥᠭᠦᠷᠢᠭ ᠲᠤ ᠬᠦᠷᠦᠭᠰᠡᠨ ᠪᠠᠶᠢᠨ᠎ᠠ᠃ ᠤᠷᠤᠯᠳᠤᠭᠠᠨ ᠳᠤ   ᠤᠷᠤᠰ᠂ ᠮᠤᠩᠭᠤᠯ ᠤᠯᠤᠰ ᠵᠢᠴᠢ ᠭᠤᠸᠠᠩᠵᠸᠦ ᠂ ᠴᠦᠩᠴᠢᠭ ᠂ ᠰᠢᠶᠠᠮᠧᠨ ᠵᠡᠷᠭᠡ ᠭᠠᠵᠠᠷ ᠤᠷᠤᠨ ᠠᠴᠠ ᠢᠷᠡᠭᠰᠡᠨ ᠵᠠᠭᠤ ᠤᠷᠴᠢᠮ ᠲᠠᠮᠢᠷᠴᠢᠨ ᠤᠷᠤᠯᠴᠠᠪᠠ᠃      ᠲᠣᠰ ᠤᠳᠠᠭᠠᠨ ᠤ ᠤᠷᠤᠯᠳᠤᠭᠠᠨ ᠢ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ ᠠᠴᠠ ᠵᠢᠭᠠᠨ ᠵᠢᠯᠣᠭᠤᠳᠴᠤ᠂ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ᠂ ᠡᠵᠡᠨ ᠬᠤᠷᠤᠭ᠎ᠠ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠣᠷᠳᠣᠰ ᠤᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠲᠥᠪ ᠠᠴᠠ ᠬᠠᠮᠲᠤᠷᠠᠨ ᠡᠷᠬᠢᠯᠡᠵᠦ᠂ ᠥᠷᠭᠡᠨ ᠣᠯᠠᠨ ᠠᠷᠠᠳ ᠲᠦᠮᠡᠨ ᠢ ᠬᠥᠲᠥᠯᠥᠨ ᠵᠢᠯᠣᠭᠤᠳᠴᠤ ᠪᠡᠶ᠎ᠡ ᠴᠢᠭᠢᠷᠠᠭᠵᠢᠯ ᠭᠤᠸᠠᠵᠢᠯ ᠤᠨ ᠰᠠᠶᠢᠨ ᠰᠠᠶᠢᠬᠠᠨ ᠢ ᠴᠢᠬᠤᠯᠠᠴᠢᠯᠠᠵᠤ᠂ ᠡᠷᠡᠭᠦᠯ ᠴᠢᠭᠢᠷᠠᠭ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠬᠠᠮᠲᠤ ᠲᠤᠰᠬᠠᠶ ᠮᠡᠷᠭᠡᠵᠢᠯ ᠤᠨ ᠰᠢᠨᠵᠢᠯᠡᠬᠦ ᠤᠬᠠᠭᠠᠨ ᠤ ᠬᠠᠷᠠᠭᠠᠰᠤ ᠠᠴᠠ ᠣᠯᠠᠨ ᠲᠦᠮᠡᠨ ᠳᠤ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠶᠠᠪᠤᠴᠠ ᠳᠤ ᠬᠡᠷᠬᠢᠨ ᠰᠢᠨᠵᠢᠯᠡᠬᠦ ᠤᠬᠠᠭᠠᠨᠴᠢ᠂ ᠨᠠᠷᠢᠨ ᠬᠢᠨᠠᠮᠠᠭᠠᠶ᠂ ᠵᠦᠶ ᠵᠣᠬᠢᠰᠲᠠᠶ ᠪᠠᠶᠢᠬᠤ ᠶᠢ ᠲᠡᠯᠬᠡᠨ ᠦᠵᠡᠬᠦᠯᠵᠦ᠂ ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ᠶᠢᠨ ᠣᠶᠢᠯᠠᠭᠠᠭᠳᠠᠬᠤᠨ ᠢ ᠨᠠᠶᠢᠳᠠᠪᠤᠷᠢᠵᠢᠭᠤᠯᠬᠤ ᠦᠢᠯᠡᠳᠦᠯᠭᠡ ᠳᠤ ᠪᠦᠲᠦᠮᠵᠢᠲᠡᠶ ᠲᠡᠮᠵᠢᠯᠭᠡ ᠦᠵᠡᠬᠦᠯᠦᠭᠰᠡᠨ ᠪᠠᠶᠢᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ