ᠰᠣᠪᠣᠷᠭ᠎ᠠ ᠶᠢᠨ ᠵᠤᠯᠠᠭ ᠤᠨ ᠨᠠᠶᠢᠷ ᠲᠡᠯᠭᠡᠷ ᠰᠠᠶᠢᠬᠠᠨ ᠡᠬᠢᠯᠡᠯ᠎ᠡ
ᠨᠡᠶᠢᠲᠡᠯᠡᠭᠰᠡᠨ ᠴᠠᠭ᠄
2023/7/10
       ᠲᠡᠯᠡᠭᠡᠢ ᠴᠢᠮᠡᠭᠰᠡᠨ ᠲᠡᠯᠭᠡᠷ ᠵᠣᠨ ᠤ ᠰᠠᠶᠢᠬᠠᠨ ᠴᠠᠭ ᠢᠶᠠᠷ ᠡᠵᠡᠨ ᠬᠤᠷᠤᠭ᠎ᠠ ᠬᠤᠰᠢᠭᠤᠨ ᠤ ᠰᠣᠪᠣᠷᠭ᠎ᠠ ᠶᠢᠨ ᠵᠤᠯᠠᠭ ᠤᠨ ᠨᠠᠶᠢᠷ 7 ᠳ᠋ᠤᠭᠠᠷ ᠰᠠᠷ᠎ᠠ ᠶᠢᠨ 9᠎ ᠤ ᠡᠳᠦᠷ ᠴᠠᠭᠠᠨ ᠰᠣᠪᠣᠷᠭ᠎ᠠ ᠶᠢᠨ ᠦᠵᠡᠮᠴᠢ ᠶᠢᠨ ᠣᠷᠣᠨ ᠳᠤ ᠥᠪᠡᠳᠡᠭᠰᠢ ᠶᠡᠭᠡᠪᠡᠷ ᠡᠬᠢᠯᠡᠵᠤ᠂ ᠬᠦᠮᠦᠨ ᠠᠷᠠᠳ᠂ ᠬᠦᠷᠦᠰᠦᠲᠤ ᠲᠡᠯᠡᠭᠡᠢ᠂ ᠨᠠᠭᠠᠳᠣᠮᠴᠢᠨ ᠲᠦᠮᠡᠨ ᠢᠶᠠᠨ ᠪᠠᠶᠠᠰᠬᠠᠯ᠎ᠠ᠃ ᠤᠯᠠᠷᠢᠯ ᠤᠨ ᠰᠠᠶᠢᠬᠠᠨ ᠢᠶᠠᠷ ᠴᠠᠭᠠᠨ ᠰᠣᠪᠣᠷᠭ᠎ᠠ ᠶᠢᠨ ᠦᠵᠡᠮᠴᠢ ᠶᠢᠨ ᠣᠷᠣᠨ ᠥᠪᠴᠢ ᠪᠡᠶ᠎ᠡ ᠪᠠᠷ ᠨᠣᠭᠤᠭᠠᠨ ᠥᠩᠭᠡ ᠳᠤ ᠪᠦᠷᠭᠦᠭᠳᠡᠵᠥ ᠲᠦᠷᠪᠡᠨ ᠵᠦᠭ ᠨᠢᠢᠮᠠᠨ ᠵᠣᠪᠬᠢᠰ ᠤᠨ ᠬᠡᠶᠢᠴᠢᠨ ᠵᠣᠴᠢᠳ ᠢᠶᠠᠨ ᠤᠭᠲᠣᠨ  ᠨᠠᠭᠠᠳᠣᠮ ᠤᠨ ᠬᠤᠷᠠᠯ ᠤᠨ ᠲᠠᠯᠠᠪᠣᠷ ᠪᠠᠶᠠᠷ ᠨᠠᠶᠢᠷ ᠴᠠᠯᠬᠢᠯᠠᠵᠤ ᠪᠠᠶᠢᠪᠠ᠃     ᠦᠷᠯᠦᠭᠡ ᠶᠢᠨ 9 ᠴᠠᠭ ᠲᠤ᠂ ᠡᠯ᠎ᠡ ᠵᠢᠭᠰᠠᠭᠠᠯ ᠤᠨ ᠡᠩᠨᠡᠭᠡ ᠨᠠᠭᠠᠳᠣᠮ ᠤᠨ ᠬᠤᠷᠠᠯ ᠤᠨ ᠲᠠᠯᠠᠪᠣᠷ ᠲᠤ ᠡᠮᠬᠢ ᠴᠡᠭᠴᠡ ᠲᠠᠢ ᠣᠷᠣᠵᠤ ᠠᠳᠣᠭᠤᠨ ᠦᠣᠷᠰᠡᠯ᠂ ᠠᠷᠠᠳ ᠲᠦᠮᠡᠨ ᠤ ᠢᠨᠢᠶᠡᠳᠦ ᠪᠢᠯᠬᠠᠭᠰᠠᠨ ᠴᠢᠷᠠᠢ ᠪᠦᠭᠦᠨ ᠨᠢ ᠨᠠᠭᠠᠳᠣᠮ ᠤᠨ ᠬᠤᠷᠠᠯ ᠤᠨ ᠲᠠᠯᠠᠪᠣᠷ ᠢᠶᠠᠨ ᠴᠢᠮᠡᠨ ᠨᠠᠭᠠᠳᠣᠮ ᠤᠨ ᠡᠬᠢᠯᠡᠯᠲᠡ ᠶᠢᠨ ᠶᠣᠰᠣᠯᠠᠯ ᠤᠨ ᠠᠷᠢᠭᠤᠨ ᠭᠠᠯ ᠠᠰᠠᠭᠠᠵᠤ᠂ ᠢᠷᠦᠭᠡᠯᠴᠢ ᠠᠴᠠ ᠢᠷᠦᠭᠡᠯ ᠬᠠᠶᠢᠷᠠᠯᠠᠨ ᠲᠡᠯᠭᠡᠷ ᠰᠠᠶᠢᠬᠠᠨ ᠡᠬᠢᠯᠡᠯᠲᠡ ᠶᠢᠨ ᠶᠣᠰᠣᠯᠠᠯ ᠪᠣᠯᠪᠠ᠃ ᠡᠬᠢᠯᠡᠯᠲᠡ ᠶᠢᠨ ᠶᠣᠰᠣᠯᠠᠯ ᠢᠶᠠᠷ ᠰᠣᠪᠣᠷᠭ᠎ᠠ ᠪᠠᠯᠭᠠᠰᠣ ᠶᠢᠨ ᠬᠠᠷᠢᠭᠤᠴᠠᠯᠭᠠᠲᠠᠨ ᠵᠢᠴᠢ ᠬᠤᠲᠠ ᠶᠢᠨ ᠬᠠᠮᠢᠶ᠎ᠠ ᠪᠦᠭᠦᠢ ᠪᠠᠶᠢᠭᠤᠯᠭ᠎ᠠ ᠶᠢᠨ ᠬᠠᠷᠢᠭᠤᠴᠠᠯᠭᠠᠲᠠᠨ ᠠᠴᠠ ᠪᠠᠶᠠᠷ ᠤᠨ ᠦᠭᠡ ᠶᠠᠷᠢᠵᠤ᠂ᠨᠠᠶᠢᠷ ᠡᠬᠢᠯᠡᠭᠰᠡᠨ ᠢ ᠵᠠᠷᠯᠠᠪᠠ᠃     ᠰᠣᠪᠣᠷᠭ᠎ᠠ ᠪᠠᠯᠭᠠᠰᠣᠨ ᠤ ᠵᠤᠯᠠᠭ ᠤᠨ ᠨᠠᠶᠢᠷ ᠨᠢ ᠥᠨᠢ ᠤᠳᠠᠭᠠᠨ ᠵᠢᠯ ᠤᠨ ᠲᠡᠤᠭᠡ ᠲᠠᠢ ᠪᠣᠯᠵᠤ ᠥᠨᠥᠳᠦᠷ ᠴᠤ ᠵᠤᠯᠠᠭ ᠤᠨ ᠨᠠᠶᠢᠷ ᠢᠶᠠᠨ ᠤᠯᠠᠮᠵᠢᠯᠠᠯᠲᠤ ᠶᠣᠰᠣ ᠭᠤᠷᠢᠮ ᠲᠠᠢ ᠬᠢᠪᠡ᠃ ᠡᠩ ᠲᠡᠷᠢᠭᠦᠨ ᠳᠤ ᠤᠨᠠᠭ᠎ᠠ ᠪᠠᠨ ᠵᠠᠯᠠᠯᠡᠨ ᠭᠡᠭᠦᠦ ᠰᠠᠭᠠᠵᠤ ᠲᠡᠭᠷᠢ ᠭᠠᠵᠠᠷ ᠲᠤ ᠪᠠᠨ ᠰᠠᠴᠣᠯᠢ ᠡᠷᠭᠦᠵᠤ᠂ ᠠᠵᠢᠷᠭ᠎ᠠ ᠣᠷᠣᠯᠳᠣᠭᠤᠯᠣᠨ ᠬᠡᠤᠭᠡᠳ ᠤᠨ ᠪᠥᠬᠡ ᠪᠠᠷᠢᠯᠳᠣᠭᠤᠯᠵᠤ ᠠᠯᠬᠤᠮ ᠲᠠᠷᠠᠭ᠎ᠠ ᠲᠠᠢ ᠶᠠᠪᠣᠭᠳᠠᠭᠤᠯᠵᠠᠢ᠃ ᠡᠭᠦᠨ ᠠᠴᠠ ᠭᠠᠳᠠᠨ᠎ᠠ ᠡᠬᠢᠯᠡᠯᠲᠡ ᠶᠢᠨ ᠶᠣᠰᠣᠯᠠᠯ ᠤᠨ ᠡᠳᠦᠷ ᠴᠢᠳᠦᠷ ᠲᠠᠰᠢᠭᠤᠷ ᠮᠣᠰᠬᠢᠬᠤ᠂ ᠴᠠᠭᠠᠨ ᠲᠣᠰᠣ ᠭᠠᠷᠭᠠᠬᠤ᠂ ᠲᠡᠭᠡᠰᠤ ᠲᠠᠮᠣᠬᠤ ᠵᠡᠷᠭᠡ ᠤᠳᠬ᠎ᠠ ᠠᠭᠤᠯᠭ᠎ᠠ ᠲᠠᠢ ᠣᠷᠣᠯᠳᠣᠭᠠᠨ ᠢ ᠦᠷᠨᠢᠭᠦᠯᠵᠤ ᠬᠤᠷᠠᠭᠰᠠᠨ ᠲᠦᠮᠡᠨ ᠢᠶᠠᠨ ᠪᠠᠶᠠᠰᠬᠠᠪᠠ᠃ ᠣᠶᠢᠯᠠᠭᠠᠭᠰᠠᠨ ᠢᠶᠠᠷ᠂ ᠥᠨᠦ ᠵᠢᠯ ᠤᠨ ᠵᠤᠯᠠᠭ ᠤᠨ ᠨᠠᠶᠢᠷ ᠨᠢ 9᠎ ᠤ ᠡᠳᠦᠷ ᠠᠴᠠ 15᠎ ᠎ ᠤ ᠡᠳᠦᠷ ᠪᠣᠯᠲᠠᠯ᠎ᠠ  ᠶᠠᠪᠣᠭᠳᠠᠨ ᠡᠨᠡᠬᠦ ᠬᠤᠭᠤᠴᠠᠭᠠᠨ ᠳᠤ ︽ᠡᠷ᠎ᠡ ᠶᠢᠨ ᠭᠤᠷᠪᠠᠨ ᠨᠠᠭᠠᠳᠣᠮ︾᠎ ᠢ ᠪᠠᠭᠲᠠᠭᠠᠭᠰᠠᠨ ᠤᠯᠠᠮᠵᠢᠯᠠᠯᠲᠤ ᠲᠠᠮᠢᠷ ᠤᠨ ᠬᠦᠳᠡᠯᠭᠡᠭᠡᠨ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ᠂ ᠦᠨᠳᠦᠰᠦᠲᠠᠨ ᠤ ᠪᠦᠯᠭᠦᠮᠳᠠᠯ ᠢ ᠠᠬᠢᠭᠤᠯᠣᠭᠰᠠᠨ ᠮᠠᠯᠴᠢᠨ ᠲᠠᠷᠢᠶᠠᠴᠢᠳ ᠤᠨ ᠲᠠᠮᠢᠷ ᠤᠨ ᠴᠣᠭᠯᠠᠭᠠᠨ ᠬᠢᠬᠦ᠂ ᠪᠠᠷᠠᠭ᠎ᠠ ᠲᠠᠸᠠᠷ ᠤᠨ  ᠲᠡᠯᠭᠡᠨ ᠦᠵᠡᠭᠦᠯᠭᠡ ᠬᠢᠬᠦ ᠵᠡᠷᠭᠡ ᠡᠯᠪᠡᠭ ᠪᠠᠶᠠᠯᠢᠭ ᠠᠭᠤᠯᠭ᠎ᠠ ᠪᠠᠷ ᠶᠠᠪᠣᠭᠳᠠᠨ ᠬᠤᠯᠠ ᠣᠶᠢᠷ᠎ᠡ ᠶᠢᠨ ᠨᠠᠭᠠᠳᠣᠮᠴᠢᠨ ᠲᠦᠮᠡᠨ ᠢᠶᠠᠨ ᠪᠠᠶᠠᠰᠬᠠᠵᠤ᠂ ᠰᠣᠶᠣᠯ ᠵᠢᠭᠤᠯᠴᠢᠯᠡᠯ ᠤᠨ ᠦᠢᠯᠡᠰ ᠢ ᠠᠬᠢᠭᠤᠯᠣᠨ᠂ ᠬᠦᠳᠡᠭᠡ ᠲᠣᠰᠬᠤᠨ ᠤ ᠬᠥᠭᠵᠢᠨ ᠮᠠᠨᠳᠣᠯᠲᠠ ᠳᠤ ᠬᠦᠴᠦᠨ ᠨᠡᠮᠡᠷᠢᠯᠡᠵᠤ᠂ ᠲᠣᠮᠳᠠᠳᠤ ᠶᠢᠨ ᠦᠨᠳᠦᠰᠦᠲᠠᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠨ ᠲᠣᠮᠳᠠᠳᠤ ᠶᠢᠨ ᠦᠨᠳᠦᠰᠦᠲᠠᠨ ᠤ ᠬᠠᠮᠳᠣᠪᠡᠷ ᠬᠦᠴᠦᠷᠭᠡᠭᠵᠢᠨ ᠴᠢᠨᠡᠭᠡᠯᠢᠭᠵᠢᠬᠦ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠠᠲᠤ ᠪᠣᠢ ᠪᠣᠯᠭᠠᠵᠤ ᠴᠢᠳᠠᠵᠠᠢ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ