︽ᠡᠵᠡᠨ ᠬᠤᠷᠤᠭ᠎ᠠ ᠬᠤᠰᠢᠭᠤᠨ ᠤ 2023 ᠣᠨ ᠤ ᠭᠡᠨᠡᠳᠲᠡ ᠶᠢᠨ ᠴᠢᠨᠠᠷᠲᠠᠢ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠲᠥᠰᠥᠯ︾᠎ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/7/10
     ︽ᠡᠵᠡᠨ ᠬᠤᠷᠤᠭ᠎ᠠ ᠬᠤᠰᠢᠭᠤᠨ ᠤ 2023 ᠣᠨ ᠤ ᠭᠡᠨᠡᠳᠲᠡ ᠶᠢᠨ ᠴᠢᠨᠠᠷᠲᠠᠢ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠲᠥᠰᠥᠯ︾ ︵ᠡᠵᠡᠨ ᠵᠠᠰᠠᠭ ᠲᠠᠷᠬᠠᠭᠠᠭᠰᠠᠨ ﹇2023﹈ 33 ᠳ᠋ᠤᠭᠠᠷ ᠲᠣᠭᠠᠲᠤ︶᠎ ᠢ 2023 ᠣᠨ ᠤ 6 ᠳ᠋ᠤᠭᠠᠷ ᠰᠠᠷ᠎ᠠ ᠶᠢᠨ 1᠎ ᠤ ᠡᠳᠦᠷ ᠵᠢᠩᠬᠢᠨᠢ ᠪᠠᠷ ᠳᠠᠷᠤᠮᠠᠯᠯᠠᠨ ᠲᠠᠷᠬᠠᠭᠠᠪᠠ᠃ ᠡᠳᠦᠭᠡ ︽ᠡᠵᠡᠨ ᠬᠤᠷᠤᠭ᠎ᠠ ᠬᠤᠰᠢᠭᠤᠨ ᠤ 2023 ᠣᠨ ᠤ ᠭᠡᠨᠡᠳᠲᠡ ᠶᠢᠨ ᠴᠢᠨᠠᠷᠲᠠᠢ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠲᠥᠰᠥᠯ︾᠎ ᠤᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠶ᠎ᠠ᠄     ᠨᠢᠭᠡ᠂ ᠲᠣᠭᠲᠠᠭᠠᠭᠰᠠᠨ ᠠᠬᠤᠢ ᠪᠠᠶᠢᠳᠠᠯ ᠵᠢᠴᠢ ᠵᠣᠷᠢᠯᠭ᠎ᠠ     ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠭᠤᠰᠢᠯᠠᠭᠤᠯᠬᠤ ᠶᠢᠨ ᠲᠥᠯᠥᠭᠡ᠂ ᠶᠡᠷᠦᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠰᠢᠷᠢᠰ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ 2023 ᠣᠨ ᠤ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠭᠠᠵᠠᠷ ᠰᠢᠨᠵᠢᠯᠡᠭᠡᠨ ᠤ ᠭᠠᠮᠰᠢᠭ ᠠᠴᠠ ᠪᠣᠯᠤᠭᠰᠠᠨ ᠬᠤᠬᠢᠷᠠᠯ ᠢ ᠰᠡᠷᠭᠡᠶᠢᠯᠡᠬᠦ ᠪᠠ ᠪᠠᠭᠠᠰᠬᠠᠵᠤ᠂ ᠠᠷᠠᠳ ᠲᠦᠮᠡᠨ ᠤ ᠠᠮᠢ ᠨᠠᠰᠤ ᠪᠠ ᠡᠳ᠋ ᠬᠦᠷᠦᠩᠬᠡ ᠶᠢᠨ ᠠᠮᠤᠷ ᠲᠦᠪᠰᠢᠨ ᠢ ᠬᠠᠮᠠᠭᠠᠯᠠᠨ᠂ ᠠᠵᠤ ᠠᠬᠤᠢ ᠪᠠ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ ︽ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ 394 ᠳ᠋ᠣᠭᠡᠷ ᠲᠣᠭᠠᠲᠤ ᠵᠠᠷᠯᠢᠭ︶᠎ ᠢ ᠦᠨᠳᠦᠰᠦᠯᠡᠨ᠂ ᠮᠠᠨ ᠤ ᠬᠤᠰᠢᠭᠤᠨ ᠤ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃     ᠬᠤᠶᠠᠷ᠂ ᠲᠣᠭᠲᠠᠭᠠᠬᠤ ᠦᠨᠳᠦᠰᠦᠯᠡᠯ     ᠭᠤᠣᠯᠳᠠᠭᠤ ︽ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ 394 ᠳ᠋ᠣᠭᠡᠷ ᠲᠣᠭᠠᠲᠤ ᠵᠠᠷᠯᠢᠭ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠡᠭᠦᠰᠬᠦ ᠭᠠᠵᠠᠷ ᠰᠢᠨᠵᠢᠯᠡᠬᠡᠨ ᠤ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ︵2022 ᠣᠨ ᠤ ᠬᠡᠪᠯᠡᠯ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ︵2021 ︱ 2025︶︾ ︽ᠣᠷᠳᠣᠰ ᠬᠤᠲᠠ ᠶᠢᠨ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ︵2021 ︱ 2025︶︾ ︽ᠣᠷᠳᠣᠰ ᠬᠤᠲᠠ ᠶᠢᠨ 2023 ᠣᠨ ᠤ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠲᠥᠰᠥᠯ︾᠎ ᠢᠶᠠᠷ ᠦᠨᠳᠦᠰᠦᠯᠡᠵᠤ᠂ ᠡᠵᠡᠨ ᠬᠤᠷᠤᠭ᠎ᠠ ᠬᠤᠰᠢᠭᠤᠨ ᠤ ᠪᠣᠳᠠᠲᠠᠢ ᠲᠠᠢ ᠤᠶᠠᠯᠳᠤᠭᠤᠯᠤᠨ ᠲᠣᠰ ᠲᠥᠰᠥᠯ ᠢ ᠲᠣᠭᠲᠠᠭᠠᠪᠠ᠃     ᠭᠤᠷᠪᠠ᠂ ᠭᠤᠣᠯ ᠠᠭᠤᠯᠭ᠎ᠠ     ︽ᠲᠥᠰᠥᠯ︾᠎ ᠢ ᠮᠠᠨ ᠤ ᠬᠤᠰᠢᠭᠤᠨ ᠤ ᠭᠠᠵᠠᠷ ᠰᠢᠨᠵᠢᠯᠡᠭᠡᠨ ᠤ ᠭᠠᠮᠰᠢᠭ ᠤᠨ ᠲᠣᠶᠢᠮᠣ ᠪᠠᠶᠢᠳᠠᠯ᠂ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠬᠥᠭᠵᠢᠯᠲᠡ ᠶᠢᠨ ᠬᠠᠨᠳᠤᠰᠢ ᠶᠢ ᠲᠦᠰᠦᠬᠡᠯᠡᠯ᠂ ᠭᠠᠵᠠᠷ ᠰᠢᠨᠵᠢᠯᠡᠭᠡᠨ ᠤ ᠭᠠᠮᠰᠢᠭ ᠢ ᠭᠤᠣᠯᠳᠠᠯᠭ᠎ᠠ ᠲᠠᠢ ᠰᠡᠷᠭᠡᠶᠢᠯᠡᠬᠦ ᠬᠦᠷᠢᠶ᠎ᠡ ᠬᠡᠪᠴᠢᠶ᠎ᠡ᠂ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠦᠷᠪᠡᠨ ᠶᠡᠭᠡ ᠲᠦᠷᠦᠯ ᠬᠤᠪᠢᠶᠠᠪᠠ᠃     ︵ᠨᠢᠭᠡ︶ ᠭᠠᠵᠠᠷ ᠰᠢᠨᠵᠢᠯᠡᠬᠡᠨ ᠤ ᠭᠠᠮᠰᠢᠭ ᠤᠨ ᠲᠣᠶᠢᠮᠣ ᠪᠠᠶᠢᠳᠠᠯ᠃ ᠡᠵᠡᠨ ᠬᠤᠷᠤᠭ᠎ᠠ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠨᠡᠯᠢᠶᠡᠳ ᠡᠯᠪᠡᠭ ᠪᠠᠶᠢᠵᠤ᠂ ᠠᠭᠤᠷᠬᠠᠢ ᠶᠢᠨ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠠᠵᠢᠯᠯᠠᠭ᠎ᠠ ᠨᠢ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠶᠢᠨ ᠬᠠᠮᠲᠤ ᠪᠠᠰᠠ ᠭᠠᠵᠠᠷ ᠴᠥᠮᠥᠷᠡᠬᠦ᠂ ᠨᠤᠷᠠᠬᠤ ᠵᠡᠷᠭᠡ ᠭᠠᠵᠠᠷ ᠰᠢᠨᠵᠢᠯᠡᠭᠡᠨ ᠤ ᠭᠠᠢ ᠭᠠᠮᠰᠢᠭ ᠢ ᠠᠪᠴᠢᠷᠠᠭᠰᠠᠨ ᠪᠠᠶᠢᠨ᠎ᠠ᠃ ᠡᠵᠡᠨ ᠬᠤᠷᠤᠭ᠎ᠠ ᠬᠤᠰᠢᠭᠤᠨ ᠤ ᠭᠠᠵᠠᠷ ᠰᠢᠨᠵᠢᠯᠡᠭᠡᠨ ᠤ ᠭᠠᠮᠰᠢᠭ ᠤᠨ ᠲᠥᠷᠥᠯ ᠵᠦᠢᠯ ᠨᠢ ᠨᠡᠯᠢᠶᠡᠳ ᠲᠥᠬᠦᠮ᠂ ᠵᠥᠪᠬᠡᠨ ᠭᠠᠵᠠᠷ ᠴᠥᠮᠥᠷᠡᠬᠦ᠂ ᠨᠤᠷᠠᠬᠤ ᠬᠤᠶᠠᠷ ᠵᠦᠢᠯ ᠤᠨ ᠭᠠᠵᠠᠷ ᠰᠢᠨᠵᠢᠯᠡᠭᠡᠨ ‍ᠦ‌ᠭᠠᠮᠰᠢᠭ ᠤᠨ ᠲᠥᠷᠥᠯ ᠵᠦᠢᠯ ᠪᠠᠶᠢᠵᠤ᠂ ᠮᠥᠨ ᠴᠦ ᠪᠥᠬᠦ ᠬᠤᠰᠢᠭᠤᠨ ᠤ ᠨᠡᠶᠢᠭᠡᠮ ᠬᠢᠭᠡᠳ ᠠᠵᠤ ᠠᠬᠤᠢ ᠶᠢᠨ ᠬᠥᠭᠵᠢᠯᠲᠡ ᠳᠤ ᠨᠡᠯᠢᠶᠡᠳ ᠶᠡᠭᠡ ᠨᠥᠯᠥᠭᠡ ᠲᠠᠢ ᠭᠠᠵᠠᠷ ᠰᠢᠨᠵᠢᠯᠡᠭᠡᠨ ᠤ ᠭᠠᠮᠰᠢᠭ ᠤᠨ ᠲᠥᠷᠥᠯ ᠵᠦᠢᠯ ᠪᠣᠯᠣᠨ᠎ᠠ᠃     ︵ᠬᠤᠶᠠᠷ︶ ᠭᠠᠵᠠᠷ ᠰᠢᠨᠵᠢᠯᠡᠬᠡᠨ ᠤ ᠭᠠᠮᠰᠢᠭ ᠤᠨ ᠬᠥᠭᠵᠢᠯᠲᠡ ᠶᠢᠨ ᠬᠠᠨᠳᠤᠰᠢ ᠶᠢ ᠲᠦᠰᠦᠬᠡᠯᠡᠯ᠃ ᠵᠢᠱᠢᠯᠲᠡ ᠪᠠᠷ 2023 ᠣᠨ ᠳᠤ ᠮᠠᠨ ᠤ ᠬᠤᠰᠢᠭᠤ ᠪᠣᠷᠣᠭᠠᠨ ᠣᠷᠣᠬᠤ ᠪᠠ ᠬᠥᠮᠥᠨ ᠲᠥᠷᠥᠯᠬᠢᠲᠡᠨ ᠤ ᠢᠨᠵᠧᠨᠧᠷᠢᠩ ᠤᠨ ᠠᠵᠢᠯᠯᠠᠭ᠎ᠠ ᠪᠠᠷ ᠭᠤᠣᠯ ᠪᠣᠯᠭᠠᠭᠰᠠᠨ ᠵᠢᠯ ᠪᠣᠯᠣᠨ᠎ᠠ᠂ ᠭᠠᠵᠠᠷ ᠰᠢᠨᠵᠢᠯᠡᠭᠡᠨ ᠤ ᠭᠠᠮᠰᠢᠭ ᠭᠤᠣᠯᠳᠠᠭᠤ ᠦᠶᠡᠷ ᠤᠨ ᠬᠤᠭᠤᠴᠠᠭᠠᠨ ᠳᠤ ᠲᠥᠪᠯᠡᠷᠡᠵᠦ᠂ ᠦᠶᠡᠷ ᠤᠨ ᠬᠤᠭᠤᠴᠠᠭᠠᠨ ᠤ ᠲᠤᠨᠳᠠᠰᠤᠨ ᠤ ᠣᠷᠣᠨ ᠵᠠᠢ ᠶᠢᠨ ᠲᠠᠷᠬᠠᠯᠲᠠ ᠨᠢ ᠪᠠᠷᠠᠭᠤᠨ ᠠᠴᠠ ᠵᠡᠭᠦᠨᠰᠢ ᠠᠬᠢᠨ ᠨᠡᠮᠡᠭᠳᠡᠬᠦ ᠪᠣᠯᠣᠨ᠎ᠠ᠃ ᠵᠢᠯ ᠤᠨ ᠲᠤᠨᠳᠠᠰᠤᠨ ᠤ ᠬᠡᠮᠵᠢᠶ᠎ᠡ ᠬᠠᠮᠤᠭ ᠠᠷᠪᠢᠨ ᠳᠠᠭᠠᠨ 6 — 8 ᠰᠠᠷ᠎ᠠ ᠳᠤ ᠲᠥᠪᠯᠡᠷᠡᠵᠦ ᠪᠠᠶᠢᠳᠠᠭ᠃ ᠪᠣᠷᠣᠭᠠᠨ ᠵᠣᠬᠢᠬᠤ ᠬᠡᠮᠵᠢᠶᠡᠨ ᠳᠤ ᠬᠦᠷᠬᠦ ᠦᠶ᠎ᠡ ᠳᠤ ᠠᠮᠠᠷᠬᠠᠨ ᠨᠤᠷᠠᠬᠤ᠂ ᠶᠡᠭᠦᠷᠡᠬᠦ᠂ ᠭᠠᠵᠠᠷ ᠤᠨ ᠭᠠᠳᠠᠷᠭᠤ ᠴᠥᠮᠥᠷᠡᠬᠦ ᠵᠡᠷᠭᠡ ᠭᠠᠵᠠᠷ ᠰᠢᠨᠵᠢᠯᠡᠬᠡᠨ ᠤ ᠭᠠᠮᠰᠢᠭ ᠢ ᠡᠭᠦᠰᠬᠡᠳᠡᠭ᠃     ︵ᠭᠤᠷᠪᠠ︶ ᠭᠠᠵᠠᠷ ᠰᠢᠨᠵᠢᠯᠡᠬᠡᠨ ᠤ ᠭᠠᠮᠰᠢᠭ ᠢ ᠭᠤᠣᠯᠳᠠᠯᠭ᠎ᠠ ᠲᠠᠢ ᠰᠡᠷᠭᠡᠶᠢᠯᠡᠬᠦ ᠬᠡᠪᠴᠢᠶ᠎ᠡ᠃ ᠭᠤᠣᠯᠳᠠᠯᠭ᠎ᠠ ᠲᠠᠢ ᠰᠡᠷᠭᠡᠶᠢᠯᠡᠬᠦ ᠬᠤᠭᠤᠴᠠᠭ᠎ᠠ᠄ ᠦᠶᠡᠷ ᠤᠨ ᠬᠤᠭᠤᠴᠠᠭ᠎ᠠ ᠲᠤᠬᠠᠶᠢᠯᠠᠪᠠᠯ 6 ᠳ᠋ᠣᠭᠠᠷ ᠰᠠᠷ᠎ᠠ ᠠᠴᠠ 8 ᠳ᠋ᠣᠭᠠᠷ ᠰᠠᠷ᠎ᠠ ᠪᠣᠯ ᠭᠤᠣᠯᠳᠠᠯᠭ᠎ᠠ ᠲᠠᠢ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠬᠤᠭᠤᠴᠠᠭ᠎ᠠ ᠪᠣᠯᠣᠨ᠎ᠠ᠃ ᠰᠡᠷᠭᠡᠶᠢᠯᠡᠬᠦ ᠬᠡᠪᠴᠢᠶ᠎ᠡ᠄ ᠡᠯ᠎ᠡ ᠪᠠᠯᠭᠠᠰᠤ ᠶᠢᠨ ᠭᠠᠵᠠᠷ ᠰᠢᠨᠵᠢᠯᠡᠬᠡᠨ ᠤ ᠭᠠᠮᠰᠢᠭ ᠤᠨ ᠲᠠᠷᠬᠠᠯᠲᠠ ᠲᠡᠭᠰᠢ ᠪᠤᠰᠤ ᠪᠠᠶᠢᠵᠤ᠂ ᠭᠤᠣᠯᠳᠠᠭᠤ 7 ᠭᠠᠵᠠᠷ ᠤᠨ ᠭᠠᠮᠰᠢᠭ ᠤᠨ ᠳᠤᠮᠳᠠ ᠠᠮᠠᠷᠬᠠᠨ ᠡᠭᠦᠰᠳᠡᠭ ᠣᠷᠣᠨ᠂ 4 ᠭᠠᠵᠠᠷ ᠤᠨ ᠭᠠᠮᠰᠢᠭ ᠲᠤᠤᠷ᠎ᠠ ᠠᠮᠠᠷᠬᠠᠨ ᠡᠭᠦᠰᠳᠡᠭ ᠣᠷᠣᠨ᠂ ᠪᠤᠰᠤᠳ ᠭᠠᠵᠠᠷ ᠰᠢᠨᠵᠢᠯᠡᠬᠡᠨ ᠤ ᠭᠠᠮᠰᠢᠭ ᠠᠮᠠᠷᠬᠠᠨ ᠡᠭᠦᠰᠳᠡᠭ ᠦᠭᠡᠢ ᠣᠷᠣᠨ ᠭᠡᠵᠦ ᠬᠤᠪᠢᠶᠠᠨ᠎ᠠ᠃ ᠭᠠᠵᠠᠷ ᠰᠢᠨᠵᠢᠯᠡᠬᠡᠨ ᠤ ᠭᠠᠮᠰᠢᠭ ᠤᠨ ᠳᠠᠯᠳᠠ ᠬᠡᠮ ᠤᠨ ᠴᠡᠭ ᠤᠨ ᠲᠠᠷᠬᠠᠯᠲᠠ ᠎ ᠨᠢ ᠬᠥᠮᠥᠨ ᠲᠥᠷᠥᠯᠬᠢᠲᠡᠨ ᠤ ᠢᠨᠵᠧᠨᠧᠷᠢᠩ ᠤᠨ ᠠᠵᠢᠯᠯᠠᠭ᠎ᠠ ᠲᠠᠢ ᠨᠢᠭᠲᠠ ᠬᠤᠯᠪᠣᠭ᠎ᠠ ᠲᠠᠢ ᠪᠠᠶᠢᠳᠠᠭ ᠣᠨᠴᠠᠯᠢᠭ ᠢ ᠢᠯᠡᠷᠡᠭᠦᠯᠵᠡᠢ᠃ ᠨᠤᠷᠠᠵᠤ ᠶᠡᠭᠦᠷᠡᠭᠰᠡᠨ ᠤ ᠭᠤᠣᠯ ᠰᠢᠯᠲᠠᠭᠠᠨ ᠨᠢ ᠵᠠᠮ ᠵᠠᠰᠠᠭᠰᠠᠨ ᠬᠦᠳᠦᠯ ᠬᠡᠷᠴᠢᠶᠡᠰᠦ᠂ ᠭᠠᠵᠠᠷ ᠤᠨ ᠨᠢᠭᠤᠷ ᠴᠥᠮᠥᠷᠡᠵᠦ ᠴᠥᠮᠥᠷᠡᠭᠰᠡᠨ ᠤ ᠭᠤᠣᠯ ᠰᠢᠯᠲᠠᠭᠠᠨ ᠠᠭᠤᠷᠬᠠᠢ ᠶᠢᠨ ᠬᠤᠳᠳᠤᠭ ᠲᠤ ᠮᠠᠯᠲᠠᠭᠰᠠᠨ ᠠᠴᠠ ᠪᠤᠯᠳᠠᠭ᠃     ︵ᠳᠥᠷᠪᠡ︶ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠭᠤᠣᠯ ᠠᠷᠭ᠎ᠠ ᠬᠡᠮᠵᠢᠶ᠎ᠡ᠃ ᠨᠢᠭᠡ ᠳᠤ᠂ ᠤᠳᠤᠷᠢᠳᠤᠯᠭ᠎ᠠ ᠪᠠᠨ ᠴᠢᠩᠭᠠᠳᠬᠠᠵᠤ᠂ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠶᠠᠷ ᠲᠤ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ᠃ ᠭᠤᠷᠪᠠ ᠳᠤ ᠭᠠᠵᠠᠷ ᠰᠢᠨᠵᠢᠯᠡᠬᠡᠨ ᠤ ᠭᠠᠮᠰᠢᠭ ᠢ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠰᠦᠯᠵᠢᠶᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠳᠥᠷᠪᠡ ᠳᠤ ᠭᠠᠵᠠᠷ ᠰᠢᠨᠵᠢᠯᠡᠬᠡᠨ ᠤ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠠᠵᠢᠯ ᠢ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠨ᠎ᠡ᠃ ᠲᠠᠪᠤ ᠳᠤ ᠭᠠᠵᠠᠷ ᠰᠢᠨᠵᠢᠯᠡᠬᠡᠨ ᠤ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃ ᠵᠢᠷᠭᠤᠭ᠎ᠠ ᠳᠤ᠂ ᠤᠬᠠᠭᠤᠯᠭ᠎ᠠ ᠪᠣᠯᠪᠠᠰᠤᠷᠠᠯ ᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠤᠯᠤᠭ᠎ᠠ ᠳᠤ ᠦᠶᠡᠷ ᠤᠨ ᠬᠤᠭᠤᠴᠠᠭᠠᠨ ᠤ ᠵᠢᠵᠢᠭᠦᠷ ᠤᠨ ᠳᠦᠷᠢᠮ ᠪᠠ ᠭᠠᠮᠰᠢᠭ ᠤᠨ ᠪᠠᠶᠢᠳᠠᠯ ᠢ ᠲᠦᠷᠭᠡᠨ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠦᠨ᠎ᠡ᠃     ᠳᠥᠷᠪᠡ᠂ ᠬᠡᠷᠡᠭᠵᠢᠭᠦᠯᠬᠦ ᠪᠠᠷᠢᠮᠵᠢᠶ᠎ᠠ     ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠪᠠᠶᠢᠭᠠᠯᠢ ᠶᠢᠨ ᠡᠬᠢ ᠪᠠᠶᠠᠯᠢᠭ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠴᠠᠭ ᠠᠭᠤᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠬᠤᠲᠠ ᠶᠢᠨ ᠬᠠᠮᠢᠶᠠᠷᠤᠯᠲᠠ᠂ ᠵᠠᠰᠠᠮᠠᠯ ᠵᠠᠮ᠂ ᠲᠡᠮᠦᠷ ᠵᠠᠮ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠨᠡᠭᠦᠷᠡᠰᠦᠨ ᠤ ᠠᠵᠢᠯ ᠲᠥᠷᠥᠯ ᠤᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ︽ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠳᠦᠷᠢᠮ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ