ᠬᠦᠢᠯᠡᠰᠤ ᠡᠯᠪᠡᠭ ᠬᠤᠷᠢᠶᠠᠯᠳᠠ ᠤᠯᠪᠠ
ᠨᠡᠶᠢᠲᠡᠯᠡᠭᠰᠡᠨ ᠴᠠᠭ᠄
2023/7/11
      ᠰᠤᠪᠤᠷᠭ᠎ᠠ ᠪᠠᠯᠭᠠᠰᠤᠨ ᠤ ᠭᠤᠸᠠᠩ ᠱᠧᠩ ᠲᠣᠰᠬᠤᠨ ᠤ ᠳᠥᠷᠪᠡᠳᠦᠭᠡᠷ ᠬᠤᠷᠰᠢᠶ᠎ᠠ ᠶᠢᠨ 500 ᠮᠦ ᠭᠦᠢᠯᠡᠰᠦᠨ ᠭᠠᠵᠠᠷ ᠲᠤ᠂ ᠮᠤᠳᠤᠨ ᠤ  ᠰᠠᠯᠠᠭ᠎ᠠ ᠨᠠᠮᠠᠭ᠎ᠠ ᠪᠠᠷ ᠬᠦᠢᠯᠡᠰᠦ ᠲᠦᠬᠦᠷᠡᠩ ᠰᠠᠭᠤᠵᠤ᠂ ᠦᠵᠡᠮᠡᠭᠴᠡ ᠰᠢᠯᠦᠰᠦ ᠭᠤᠭᠤᠵᠢᠨ᠎ᠠ᠃      ᠤᠳᠤ ᠬᠦᠢᠯᠡᠰᠦ ᠶᠠᠭ ᠶᠡᠭᠡ ᠬᠡᠪᠴᠢᠶ᠎ᠡ ᠪᠠᠷ ᠪᠣᠯᠪᠠᠰᠤᠷᠠᠵᠤ᠂ ᠲᠣᠰᠬᠤᠨ ᠤ ᠠᠷᠠᠳ ᠪᠠ ᠠᠵᠢᠯᠴᠢᠳ ᠣᠢ ᠰᠢᠭᠤᠶ ᠶᠢᠨ ᠳᠤᠮᠳᠠᠭᠤᠷ ᠬᠦᠢᠯᠡᠰᠤ ᠲᠡᠬᠦᠨ᠂ ᠶᠠᠭᠠᠷᠠᠯᠳᠠᠢ ᠠᠵᠢᠯᠯᠠᠵᠠᠭᠠᠨ᠎ᠠ᠃ ᠨᠤᠳᠤᠭ ᠲᠠᠭᠠᠨ ᠪᠤᠴᠠᠵᠦ ᠦᠢᠯᠡᠰ ᠪᠤᠰᠬᠠᠬᠰᠠᠨ ᠤᠶᠤᠳᠠᠨ ᠵᠤᠤ ᠼᠠᠢ ᠯᠢᠩ ᠤᠨ ᠲᠠᠨᠢᠯᠴᠠᠭᠤᠯᠤᠬᠰᠠᠨ ᠢᠶᠠᠷ᠂ ᠠᠩᠬ᠎ᠠ ᠪᠣᠯᠪᠠᠰᠤᠷᠠᠭᠤᠯᠤᠭᠰᠠᠨ  ᠬᠦᠢᠯᠡᠰᠤᠨ ᠴᠥᠮ᠎ᠡ ᠶᠢ ᠵᠡᠭᠦᠨᠭᠠᠷ ᠬᠤᠰᠢᠭᠤᠨ ᠤ ᠰᠢᠨ ᠷᠧᠨ ᠯᠤ᠋ ᠶᠢᠨ ᠤᠶᠢᠯᠡᠳᠪᠤᠷᠢ ᠳᠤ ᠵᠥᠭᠡᠭᠡᠪᠦᠷᠢᠯᠡᠨ  ᠬᠦᠷᠭᠡᠵᠦ᠂ ᠨᠢᠭᠡ ᠬᠡᠰᠡᠭ ᠴᠢᠨᠠᠷ ᠰᠠᠶᠢᠨ ᠬᠦᠢᠯᠡᠰᠤ ᠶᠢ ᠬᠠᠳᠠᠭᠠᠭᠠᠳ᠂ ᠦᠯᠡᠳᠡᠭᠰᠡᠨ ᠨᠢᠭᠡ ᠬᠡᠰᠡᠭ ᠢ ᠨᠢ ᠲᠠᠬᠢᠶ᠎ᠠ᠂ ᠬᠤᠨᠢ ᠲᠡᠵᠢᠭᠡᠬᠦ ᠳᠤ ᠭᠡᠷᠡᠭᠯᠡᠵᠦ᠂ ᠢᠯᠭᠠᠳᠠᠰᠤ ᠶᠢ ᠨᠢ ᠪᠠᠶᠢᠭᠠᠯᠢ ᠶᠢᠨ ᠣᠷᠭᠠᠨᠢᠭ ᠪᠣᠷᠲᠣᠭᠤᠷ ᠪᠤᠯᠭᠠᠨ ᠭᠠᠵᠠᠷ ᠰᠢᠷᠣᠶ ᠶᠢ ᠨᠠᠩ ᠥᠩ ᠰᠢᠮᠡᠯᠢᠭ ᠪᠤᠯᠭᠠᠵᠤ ᠪᠠᠶᠢᠨ᠎ᠠ᠃ ᠣᠢ ᠠᠴᠠ ᠵᠢᠮᠢᠰ ᠲᠡᠬᠦᠨ᠂ ᠣᠢ ᠶᠢᠨ ᠲᠤᠳᠤᠷ᠎ᠠ ᠳᠠᠬᠢᠶ᠎ᠠ ᠲᠡᠵᠢᠭᠡᠵᠦ᠂ ᠬᠠᠷᠢᠯᠴᠠᠨ ᠤᠶᠠᠯᠳᠤᠭᠤᠯᠤᠨ᠂ ᠬᠠᠷᠢᠴᠠᠩᠭᠤᠶ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠪᠤᠯᠭᠠᠨ ᠪᠦᠷᠢᠯᠳᠦᠬᠦᠯᠵᠦ᠂ ᠣᠳᠣᠬᠠᠨ ᠳᠤ ᠵᠢᠯ ᠤᠨ ᠤᠶᠢᠯᠡᠳᠪᠤᠷᠢᠯᠡᠯ ᠤᠨ ᠥᠷᠲᠡᠭ ᠨᠢ ᠵᠢᠷᠠ ᠳᠠᠯᠠᠨ ᠲᠦᠮᠡᠨ ᠲᠥᠭᠦᠷᠢᠭ ᠲᠤ  ᠬᠦᠷᠴᠤ ᠪᠤᠢ ᠭᠡᠪᠡ᠃      ᠭᠦᠢᠯᠡᠰᠦᠨ ᠣᠶ ᠶᠢᠨ ᠬᠠᠵᠠᠭᠤ ᠳᠤ ᠪᠠᠷᠢᠯᠭ᠎ᠠ ᠶᠢᠨ ᠠᠩᠭᠢ ᠶᠠᠭᠠᠷᠠᠯᠲᠠᠶ ᠠᠵᠢᠯᠯᠠᠨ᠂ 600 ᠲᠡᠭᠰᠢ ᠳᠥᠷᠪᠡᠯᠵᠢᠨ ᠮᠧᠲᠷ ᠤᠨ ᠤᠶᠢᠯᠡᠳᠪᠤᠷᠢ ᠶᠢᠨ ᠭᠡᠷ ᠤᠳᠠᠯ ᠦᠭᠡᠢ ᠠᠰᠢᠭᠯᠠᠯᠲᠠ ᠳᠤ ᠣᠷᠣᠬᠤ ᠭᠡᠵᠦ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠰᠤᠪᠤᠷᠭ᠎ᠠ ᠪᠠᠯᠭᠠᠰᠤᠨ ᠤ ᠭᠤᠸᠠᠩ ᠱᠧᠩ ᠲᠣᠰᠬᠤᠨ ᠦᠷᠬᠦᠯᠵᠢᠯᠡᠨ 200 ᠭᠠᠷᠤᠢ ᠮᠦ ᠭᠠᠵᠠᠷ ᠲᠤ ᠵᠢᠮᠢᠰ ᠤᠨ ᠮᠣᠳᠣ ᠲᠠᠷᠢᠵᠤ᠂ ᠲᠣᠰᠬᠤᠨ ᠤ ᠠᠷᠠᠳ ᠢ ᠲᠠᠶᠢᠴᠢᠯᠠᠨ ᠪᠠᠶᠠᠵᠢᠯ ᠤᠨ ᠵᠠᠮ ᠢᠶᠠᠷ ᠲᠠᠭᠠᠭᠤᠯᠤᠨ ᠵᠠᠮᠨᠠᠬᠤ ᠪᠠᠷ ᠲᠥᠯᠥᠪᠯᠡᠵᠦ ᠪᠤᠢ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ