ᠪᠤᠯᠠᠭ ᠨᠡᠶᠢᠭᠡᠮ ᠲᠣᠭᠤᠷᠢᠭ᠄ ᠵᠢᠵᠢᠭ ᠨᠤᠭᠤᠭᠠᠨ ᠤ ᠬᠦᠷᠢᠶᠡᠯᠡᠩ ᠢᠶᠠᠷ ᠵᠣᠯ ᠵᠢᠷᠭᠠᠯᠲᠤ ᠠᠮᠢᠳᠤᠷᠠᠯ ᠢ ᠡᠳ᠋ᠯᠡᠭᠦᠯᠦᠨ᠎ᠡ
ᠨᠡᠶᠢᠲᠡᠯᠡᠭᠰᠡᠨ ᠴᠠᠭ᠄
2023/7/12
    ᠡᠵᠡᠨ ᠬᠤᠷᠤᠭ᠎ᠠ ᠪᠠᠯᠭᠠᠰᠤᠨ ᠤ ᠪᠤᠯᠠᠭ ᠨᠡᠶᠢᠭᠡᠮ ᠲᠣᠭᠤᠷᠢᠭ ᠤᠨ ᠨᠡᠶᠢᠲᠡ ᠶᠢᠨ ᠠᠰᠠᠷᠠᠮᠵᠢ ᠶᠢᠨ ᠵᠢᠵᠢᠭ  ᠨᠤᠭᠤᠭᠠᠨ ᠤ ᠬᠦᠷᠢᠶᠡᠯᠡᠩ ᠳᠤ᠂ ᠭᠡᠷ ᠤᠨ ᠢᠳᠡᠷ᠎ᠡ᠂ ᠶᠤᠤᠮᠠᠢ ᠨᠣᠭᠤᠭ᠎ᠠ᠂ ᠥᠷᠭᠡᠰᠦᠲᠦ ᠬᠡᠮᠬᠡ᠂ ᠲᠥᠪᠡᠳ ᠬᠠᠰᠢ ᠵᠡᠷᠭᠡ ᠤᠯᠠᠷᠢᠯ ᠤᠨ ᠴᠢᠨᠠᠷᠳᠠᠢ ᠢᠳᠡᠰᠢᠨ ᠨᠣᠭᠤᠭ᠎ᠠ ᠲᠠᠷᠢᠵᠦ᠂ ᠨᠡᠶᠢᠭᠡᠮ ᠲᠣᠭᠤᠷᠢᠭ ᠤᠨ ᠠᠬᠠᠮᠠᠳ ᠰᠠᠶᠢᠨ ᠲᠤᠷᠠᠴᠤᠳ ᠵᠢᠴᠢ ᠨᠡᠶᠢᠭᠡᠮ ᠤᠨ ᠠᠵᠢᠯ ᠤᠨ ᠦᠷᠳᠡᠭᠡ ᠶᠢᠨ ᠠᠵᠢᠯᠲᠠᠳ ᠵᠢᠵᠢᠭ ᠨᠤᠭᠤᠭᠠᠨ ᠤ ᠬᠦᠷᠢᠶᠡᠯᠡᠩ ᠳᠤ ᠠᠩᠬᠠᠨ ᠤ ᠬᠤᠷᠢᠶᠠᠯᠲᠠ ᠳᠤ ᠪᠠᠨ ᠶᠠᠭᠠᠷᠠᠯᠳᠤᠨ᠂ ᠴᠢᠷᠠᠢ ᠲᠦᠬᠦᠷᠡᠩ ᠬᠤᠷᠢᠶᠠᠯᠲᠠ ᠶᠢᠨ ᠪᠠᠶᠠᠷ ᠪᠠᠶᠠᠰᠤᠯ  ᠲᠤᠳᠤᠷᠠᠵᠤ ᠪᠠᠶᠢᠯ᠎ᠠ᠃   ︽ᠵᠦᠡᠭ ᠯᠧ ᠯᠧ︾ ᠨᠡᠶᠢᠲᠡ ᠶᠢᠨ ᠠᠰᠠᠷᠠᠮᠵᠢ ᠶᠢᠨ ᠵᠢᠵᠢᠭ ᠨᠤᠭᠤᠭᠠᠨ ᠤ ᠬᠦᠷᠢᠶᠡᠯᠡᠩ ᠪᠣᠯ ᠪᠤᠯᠠᠭ ᠨᠡᠶᠢᠭᠡᠮ ᠲᠣᠭᠤᠷᠢᠭ ᠤᠨ ᠪᠠᠶᠢᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ᠂ ᠬᠦᠴᠢᠷᠳᠡᠯ ᠢ ᠬᠠᠪᠰᠤᠷᠤᠨ ᠲᠡᠳᠬᠦᠬᠦ᠂ ᠬᠥᠳᠡᠯᠮᠦᠷᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠠᠮᠢᠳᠤᠷᠠᠯ ᠢ ᠤᠶᠢᠯᠠᠭᠠᠬᠤ ᠶᠢ ᠨᠢᠭᠡ ᠴᠣᠭᠴᠠᠵᠢᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠰᠠᠭᠤᠷᠢᠨ ᠭᠠᠵᠠᠷ ᠪᠣᠯᠣᠨ᠎ᠠ᠃ ᠵᠢᠵᠢᠭ ᠨᠤᠭᠤᠭᠠᠨ ᠤ ᠬᠦᠷᠢᠶᠡᠯᠡᠩ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠨᠡᠶᠢᠭᠡᠮ ᠤᠨ ᠠᠵᠢᠯ ᠤᠨ ᠥᠷᠲᠡᠭᠡ ᠠᠴᠠ ᠰᠠᠶᠢᠨ ᠲᠤᠷᠠᠴᠤᠳ ᠲᠠᠢ ᠬᠤᠯᠪᠤᠭᠠᠯᠠᠨ ᠡᠳᠦᠷ ᠲᠤᠲᠤᠮ ᠤᠨ ᠬᠠᠮᠠᠭᠠᠯᠠᠯᠲᠠ ᠬᠢᠵᠦ᠂ ᠰᠠᠶᠢᠨ ᠲᠤᠷᠠᠴᠤᠳ ᠠᠴᠠ ᠨᠡᠶᠢᠭᠡᠮ ᠲᠣᠭᠤᠷᠢᠭ ᠤᠨ ᠬᠦᠴᠢᠷᠳᠡᠯ ᠲᠠᠢ ᠡᠷᠦᠬᠡ ᠳᠤ ᠰᠢᠨ᠎ᠡ ᠰᠣᠷᠭᠤᠭ ᠢᠳᠡᠰᠢᠨ ᠨᠣᠭᠤᠭ᠎ᠠ ᠬᠦᠷᠭᠡᠨ ᠬᠠᠪᠰᠤᠷᠤᠨ ᠲᠡᠳᠬᠦᠵᠦ᠂ ᠡᠭᠦᠨ ᠠᠴᠠ ᠭᠠᠳᠠᠨ᠎ᠠ ᠵᠣᠨ ᠤ ᠠᠮᠠᠷᠠᠯᠲᠠ ᠶᠢᠨ ᠴᠠᠭ ᠢ ᠠᠰᠢᠭᠯᠠᠨ ᠨᠡᠶᠢᠭᠡᠮ ᠲᠣᠭᠤᠷᠢᠭ ᠤᠨ ᠵᠠᠯᠠᠭᠤᠴᠤᠳ ᠪᠠᠭᠠᠴᠤᠳ ᠢ ᠵᠣᠬᠢᠶᠠᠨ ᠪᠠᠶᠢᠭᠤᠯᠵᠤ᠂ ᠬᠥᠳᠡᠯᠮᠦᠷᠢ ᠶᠢᠨ ᠦᠢᠯᠡᠳᠦᠯᠭᠡ ᠶᠢᠨ ᠠᠵᠢᠯᠯᠠᠭ᠎ᠠ ᠳᠤ ᠤᠷᠤᠯᠴᠠᠭᠤᠯᠵᠦ᠂ ᠢᠳᠡᠰᠢᠨ ᠨᠤᠭᠤᠭᠠᠨ ᠤ ᠵᠢᠷᠤᠮ ᠤᠨ ᠬᠤᠳᠠᠯᠳᠤᠭ᠎ᠠ ᠶᠢ ᠡᠷᠬᠢᠯᠡᠨ᠂ ᠵᠢᠷᠤᠮ ᠤᠨ ᠬᠤᠳᠠᠯᠳᠤᠭ᠎ᠠ ᠶᠢᠨ ᠪᠡᠯᠡ ᠮᠥᠩᠭᠦ ᠶᠢ ᠨᠡᠶᠢᠭᠡᠮ ᠲᠣᠭᠤᠷᠢᠭ ᠤᠨ ᠬᠦᠴᠢᠷᠳᠡᠯ ᠲᠠᠢ  ᠡᠷᠦᠬᠡ ᠶᠢ ᠬᠠᠪᠰᠤᠷᠤᠨ ᠲᠡᠳᠬᠦᠬᠦ ᠳᠤ ᠭᠡᠷᠡᠭᠯᠡᠭᠰᠡᠨ ᠪᠠᠶᠢᠨ᠎ᠠ᠃    ︽ᠠᠲᠠᠷ ᠭᠠᠵᠠᠷ︾᠎ ᠠᠴᠠ ︽ᠢᠳᠡᠰᠢᠨ ᠨᠣᠭᠤᠭᠠᠨ ᠤ ᠬᠦᠷᠢᠶᠡᠯᠡᠩ︾ ᠪᠣᠯᠤᠭᠰᠠᠨ ᠬᠤᠪᠢᠷᠠᠯᠲᠠ ᠨᠢ ᠭᠤᠣᠯᠳᠠᠭᠤ ᠪᠤᠯᠠᠭ ᠨᠡᠶᠢᠭᠡᠮ ᠲᠣᠭᠤᠷᠢᠭ ᠤᠨ ︽ᠲᠠᠪᠤᠨ ᠬᠤᠷᠰᠢᠶ᠎ᠠ ᠬᠤᠯᠪᠤᠭᠠᠯᠠᠨ ᠬᠥᠳᠡᠯᠦᠯᠴᠡᠬᠦ︾ ᠠᠵᠢᠯ ᠤᠨ ᠲᠣᠭᠲᠠᠴᠠ ᠠᠴᠠ ᠪᠤᠯᠵᠦ᠂ ᠨᠡᠶᠢᠲᠡ ᠶᠢᠨ ᠠᠰᠠᠷᠠᠮᠵᠢ ᠶᠢᠨ ᠵᠢᠵᠢᠭ ᠨᠣᠭᠤᠭᠠᠨ ᠤ ᠬᠦᠷᠢᠶᠡᠯᠡᠩ ᠨᠢ ᠦᠨᠳᠦᠰᠦᠨ ᠱᠠᠲᠤᠨ ᠤ ᠶᠡᠭᠡ ᠵᠠᠰᠠᠯᠲᠠ ᠶᠢ ᠳᠠᠶᠢᠴᠢᠯᠠᠵᠤ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠵᠠᠰᠠᠯᠲᠠ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠨᠢᠭᠡᠨ ᠵᠢᠵᠢᠭᠬᠡᠨ ᠲᠠᠷᠢᠶᠠᠨ ᠭᠠᠵᠠᠷ ᠢᠶᠠᠷ ᠳᠠᠮᠵᠢᠭᠤᠯᠤᠨ ᠬᠠᠷᠢᠶ᠎ᠠ ᠣᠷᠣᠨ ᠤ ᠪᠠᠨ ᠨᠠᠰᠤᠲᠠᠶᠢᠴᠤᠳ ᠤᠨ ᠰᠡᠳᠬᠢᠯ ᠢ ᠳᠤᠯᠠᠭᠠᠴᠠᠭᠤᠯᠵᠠᠢ᠃          
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ