ᠥᠪᠥᠷ ᠮᠣᠩᠭᠤᠯ ᠤᠨ ᠡᠵᠡᠨ ᠬᠤᠷᠤᠭ᠎ᠠ ᠬᠤᠰᠢᠭᠤᠨ ᠤ ᠰᠠᠷᠭᠠᠶ ᠴᠡᠴᠡᠭ ᠤᠨ ᠪᠠᠭ᠎ᠠ ᠬᠦᠷᠢᠶᠡᠯᠡᠩ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2023/7/12
      7 ᠳ᠋ᠤᠭᠠᠷ ᠰᠠᠷ᠎ᠠ ᠶᠢᠨ 11᠎ ᠤ ᠡᠳᠦᠷ᠂ ᠥᠪᠥᠷ ᠮᠣᠩᠭᠤᠯ ᠤᠨ ᠡᠵᠡᠨ ᠬᠤᠷᠤᠭ᠎ᠠ ᠬᠤᠰᠢᠭᠤᠨ ᠤ ᠰᠠᠷᠭᠠᠶ ᠴᠡᠴᠡᠭ ᠤᠨ ᠪᠠᠭ᠎ᠠ ᠬᠦᠷᠢᠶᠡᠯᠡᠩ ᠤᠨ ᠫᠠᠶᠢᠰᠠ ᠰᠡᠬᠦᠬᠦ ᠶᠣᠰᠣᠯᠠᠯ ᠵᠠᠰᠠᠭ ᠪᠠᠯᠭᠠᠰᠤᠨ ᠳᠤ ᠶᠠᠪᠤᠭᠳᠠᠪᠠ᠃       ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠥᠪᠥᠷ ᠮᠣᠩᠭᠤᠯ ᠤᠨ ᠡᠵᠡᠨ ᠬᠤᠷᠤᠭ᠎ᠠ ᠬᠤᠰᠢᠭᠤᠨ ᠤ ᠰᠠᠷᠭᠠᠶ ᠴᠡᠴᠡᠭ ᠤᠨ ᠪᠠᠭ᠎ᠠ ᠬᠦᠷᠢᠶᠡᠯᠡᠩ ᠤᠨ ᠫᠠᠶᠢᠰᠠ ᠶᠢ ᠰᠡᠬᠦᠵᠦ᠂ ᠬᠤᠯᠪᠤᠬᠳᠠᠯ ᠪᠥᠬᠦᠶ ᠠᠵᠤ ᠠᠬᠤᠶᠢᠯᠠᠯ ᠤᠨ ᠵᠢᠯᠣᠭᠤᠳᠣᠭᠴᠢ ᠪᠠᠭᠰᠢ ᠳᠤ ᠤᠷᠢᠯᠭ᠎ᠠ ᠶᠢᠨ ᠪᠢᠴᠢᠭ ᠭᠠᠷᠳᠠᠭᠤᠯᠤᠨ᠂ ᠬᠤᠯᠪᠤᠬᠳᠠᠯ ᠪᠥᠬᠦᠶ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ᠃ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠰᠠᠷᠭᠠᠶ ᠴᠡᠴᠡᠭ ᠤᠨ ᠪᠠᠭ᠎ᠠ ᠬᠦᠷᠢᠶᠡᠯᠡᠩ ᠤᠨ ᠬᠥᠭᠵᠢᠯᠲᠡ ᠶᠢᠨ ᠲᠥᠯᠥᠪᠵᠢᠭᠦᠯᠭᠡ᠂ ᠣᠷᠣᠰᠢᠵᠤ ᠪᠠᠶᠢᠭ᠎ᠠ ᠬᠦᠴᠢᠷᠳᠡᠯ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃      ᠣᠶᠢᠯᠠᠭᠠᠭᠰᠠᠨ ᠢᠶᠠᠷ᠂ ᠡᠵᠡᠨ ᠬᠤᠷᠤᠭ᠎ᠠ ᠬᠤᠰᠢᠭᠤᠨ ᠤ ᠰᠠᠷᠭᠠᠶ ᠴᠡᠴᠡᠭ ᠤᠨ ᠪᠠᠭ᠎ᠠ ᠬᠦᠷᠢᠶᠡᠯᠡᠩ ᠤᠨ ᠶᠡᠷᠦᠩᠬᠡᠶ ᠪᠠᠯᠠ ᠣᠷᠣᠭᠤᠯᠤᠯᠲᠠ ᠨᠢ 44 ᠲᠦᠮᠡᠨ ᠲᠥᠭᠦᠷᠢᠭ ᠪᠠᠶᠢᠵᠤ᠂ 280 ᠮᠥ ᠭᠠᠵᠠᠷ ᠡᠵᠡᠯᠡᠨ᠂ ᠵᠠᠰᠠᠭ ᠪᠠᠯᠭᠠᠰᠤᠨ ᠤ ᠪᠠᠯᠭᠠᠰᠤᠨ ᠲᠣᠭᠤᠷᠢᠭ ᠲᠤ ᠪᠠᠶᠢᠷᠢᠯᠠᠨ᠂ ᠰᠤᠷᠭᠠᠨ ᠬᠥᠮᠦᠵᠢᠯ ᠤᠨ ᠬᠡᠯᠳᠡᠰ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠬᠡᠯᠳᠡᠰ ᠪᠣᠯᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠬᠠᠮᠲᠤ ᠪᠠᠷ ᠳᠡᠮᠵᠢᠭᠰᠡᠨ ᠬᠤᠶᠠᠳᠤᠭᠠᠷ ᠪᠦᠯᠦᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠪᠠᠶᠢᠵᠦ᠂ ᠮᠥᠨ ᠴᠦ ᠥᠪᠥᠷ ᠮᠣᠩᠭᠤᠯ ᠤᠨ ᠠᠩᠬᠠᠳᠠᠭᠴᠢ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠪᠣᠯᠤᠨ᠎ᠠ᠃ ᠰᠠᠷᠭᠠᠶ ᠴᠡᠴᠡᠭ ᠤᠨ ᠪᠠᠭ᠎ᠠ ᠬᠦᠷᠢᠶᠡᠯᠡᠩ ᠨᠢ ᠡᠷᠬᠢᠨ ᠲᠣᠭᠤᠷᠢᠨ ᠤ ᠭᠠᠵᠠᠷ ᠣᠷᠣᠨ ᠤ ᠲᠠᠷᠢᠶᠠᠴᠢᠳ ᠪᠠ ᠲᠠᠷᠢᠶᠠᠯᠠᠩ ᠤᠨ ᠠᠵᠤ ᠠᠬᠤᠶᠢᠯᠠᠯ ᠢ ᠳᠠᠶᠢᠴᠢᠯᠠᠨ ᠰᠠᠷᠭᠠᠶ ᠴᠡᠴᠡᠭ ᠤᠨ ᠲᠠᠷᠢᠮᠠᠯ ᠢ ᠬᠥᠭᠵᠢᠭᠦᠯᠵᠦ᠂ ᠰᠠᠷᠭᠠᠶ ᠴᠡᠴᠡᠭ ᠤᠨ ᠦᠷ᠎ᠡ ᠡᠳ᠋ ᠤᠨ ᠡᠬᠢ ᠪᠠᠶᠠᠯᠢᠭ ᠢ ᠡᠭᠦᠳᠦᠨ ᠪᠦᠲᠦᠭᠡᠬᠦ᠂ ᠦᠢᠯᠡᠳᠪᠦᠷᠢᠵᠢᠬᠦᠯᠦᠨ ᠦᠷᠡᠵᠢᠭᠦᠯᠦᠨ ᠪᠤᠶᠢᠵᠢᠭᠤᠯᠬᠤ ᠪᠠ ᠥᠨᠳᠥᠷ ᠪᠦᠲᠦᠮᠵᠢᠲᠡᠶ ᠳᠠᠷᠢᠵᠤ ᠪᠤᠶᠢᠵᠢᠭᠤᠯᠬᠤ ᠪᠠᠷ ᠭᠤᠤᠯ ᠪᠣᠯᠭᠠᠵᠤ᠂ ᠠᠮᠢ ᠠᠬᠤᠶ ᠶᠢ ᠰᠡᠷᠭᠦᠭᠡᠬᠦ᠂ ᠠᠭᠤᠷᠬᠠᠶ ᠶᠢ ᠰᠡᠷᠭᠦᠭᠡᠬᠦ᠂ ᠰᠠᠷᠭᠠᠶ ᠴᠡᠴᠡᠭ ᠤᠨ ᠪᠥᠬᠦ ᠠᠵᠤ ᠦᠢᠯᠡᠰ ᠤᠨ ᠬᠡᠯᠬᠢᠶ᠎ᠡ ᠪᠠᠷ ᠠᠭᠤᠯᠬᠤᠨ ᠪᠣᠯᠭᠠᠭᠰᠠᠨ ᠰᠠᠷᠭᠠᠶ ᠴᠡᠴᠡᠭ ᠤᠨ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠵᠡᠶ᠃      ᠲᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤ ᠰᠠᠷᠭᠠᠶ ᠴᠡᠴᠡᠭ ᠤᠨ ᠪᠠᠭ᠎ᠠ ᠬᠦᠷᠢᠶᠡᠯᠡᠩ ᠪᠠᠶᠢᠭᠤᠯᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠡᠭᠦᠨ ᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠡᠯᠭᠡᠷᠡᠭᠦᠯᠦᠯᠲᠡ᠂ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ  ᠭᠠᠵᠠᠷ ᠪᠣᠯᠭᠠᠨ ᠪᠠᠶᠢᠭᠤᠯᠵᠤ᠂ ᠲᠠᠷᠢᠶᠠᠨ ᠭᠠᠵᠠᠷ ᠬᠢᠭᠡᠳ ᠬᠢᠴᠢᠶᠡᠯ ᠤᠨ ᠲᠠᠩᠬᠢᠮ᠂ ᠣᠨᠣᠯ ᠬᠢᠭᠡᠳ ᠦᠢᠯᠡᠳᠦᠯᠭᠡ᠂ ᠰᠢᠨᠵᠢᠯᠡᠬᠦ ᠤᠬᠠᠭᠠᠨ ᠤ ᠰᠤᠳᠤᠯᠭᠠᠨ ᠬᠢᠭᠡᠳ ᠳᠡᠯᠭᠡᠷᠡᠭᠦᠯᠦᠯᠲᠡ᠂ ᠰᠢᠨ᠎ᠡ ᠶᠢ ᠡᠭᠦᠳᠬᠦ ᠬᠢᠭᠡᠳ ᠦᠢᠯᠡᠴᠢᠯᠡᠭᠡ ᠶᠢ ᠨᠢᠭᠲᠠ ᠤᠶᠠᠯᠳᠤᠭᠤᠯᠬᠤ ᠶᠢ ᠲᠠᠰᠤᠷᠠᠯᠲᠠ ᠥᠬᠡᠶ ᠠᠬᠢᠭᠤᠯᠵᠤ᠂ ︽ᠨᠢᠭᠡ ᠪᠠᠭ᠎ᠠ ᠬᠦᠷᠢᠶᠡᠯᠡᠩ ᠢ ᠪᠠᠶᠢᠭᠤᠯᠬᠤ᠂ ᠨᠢᠭᠡ ᠠᠵᠤ ᠦᠢᠯᠡᠰ ᠢ ᠳᠠᠶᠢᠴᠢᠯᠠᠬᠤ᠂ ᠨᠢᠭᠡ ᠬᠡᠰᠡᠭ ᠣᠷᠣᠨ ᠪᠦᠰᠡ ᠶᠢ ᠨᠥᠯᠥᠭᠡᠯᠡᠬᠦ︾ ᠦᠷ᠎ᠡ ᠪᠦᠲᠦᠮᠵᠢ ᠶᠢ ᠪᠣᠶ ᠪᠣᠯᠭᠠᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠤᠨ᠎ᠠ᠃      ᠬᠤᠯᠪᠤᠬᠳᠠᠯ ᠪᠥᠬᠦᠶ ᠪᠠᠯᠭᠠᠰᠤ᠂ ᠰᠠᠯᠠᠭ᠎ᠠ ᠮᠥᠴᠢᠷ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃              
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ