ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠵᠡᠪᠰᠡᠭ ᠤᠨ ᠡᠷᠳᠡᠮ ᠴᠢᠯᠦᠭᠡᠲᠦ ᠨᠢᠳᠤᠷᠭ᠎ᠠ ᠶᠢᠨ ᠤᠷᠤᠯᠳᠤᠭᠠᠨ ᠡᠵᠡᠨ ᠬᠤᠷᠤᠭ᠎ᠠ ᠬᠤᠰᠢᠭᠤᠨ ᠳᠤ ᠡᠬᠢᠯᠡᠪᠡ
ᠨᠡᠶᠢᠲᠡᠯᠡᠭᠰᠡᠨ ᠴᠠᠭ᠄
2023/7/12
      7 ᠳ᠋ᠤᠭᠠᠷ ᠰᠠᠷ᠎ᠠ ᠶᠢᠨ 11᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠵᠡᠪᠰᠡᠭ ᠤᠨ ᠡᠷᠳᠡᠮ ᠴᠢᠯᠦᠭᠡᠲᠦ ᠨᠢᠳᠦᠷᠭ᠎ᠠ ᠶᠢᠨ ᠤᠷᠤᠯᠳᠤᠭᠠᠨ ᠡᠵᠡᠨ ᠬᠤᠷᠤᠭ᠎ᠠ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠨᠡᠶᠢᠲᠡ 11 ᠲᠥᠯᠥᠭᠡᠯᠡᠭᠴᠢᠳ ᠤᠨ ᠠᠩᠭᠢ᠂ 200 ᠭᠠᠷᠤᠶ ᠬᠦᠮᠦᠨ ᠤᠷᠤᠯᠳᠤᠭᠠᠨ ᠳᠤ ᠣᠷᠣᠯᠴᠠᠪᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠳᠤ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠵᠡᠪᠰᠡᠭ ᠤᠨ ᠡᠷᠳᠡᠮ ᠤᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠤᠨ ᠬᠠᠮᠤᠭ ᠤᠨ ᠰᠢᠨ᠎ᠡ ᠬᠢᠨᠠᠨ ᠲᠣᠭᠲᠠᠭᠠᠭᠰᠠᠨ ︽ᠵᠡᠪᠰᠡᠭ ᠤᠨ ᠡᠷᠳᠡᠮ ᠴᠢᠯᠦᠭᠡᠲᠦ ᠨᠢᠳᠦᠷᠭ᠎ᠠ ᠶᠢᠨ ᠤᠷᠤᠯᠳᠤᠭᠠᠨ ᠤ ᠲᠦᠷᠢᠮ︾᠎ ᠢ ᠬᠡᠷᠡᠭᠯᠡᠵᠦ᠂ ᠤᠳᠠᠭ᠎ᠠ ᠪᠦᠷᠢ ᠶᠢᠨ ᠤᠷᠤᠯᠳᠤᠭᠠᠨ ᠤ ᠴᠠᠭ ᠎ ᠢ 1 ᠮᠢᠨᠦ᠋ᠲ 30 ᠰᠧᠺᠦ᠋ᠨ᠋ᠳ᠋ ᠢᠶᠠᠷ ᠲᠤᠭᠳᠠᠭᠠᠨ᠂  ᠭᠠᠭᠴᠠ ᠤᠳᠠᠭᠠᠨ ᠤ ᠢᠯᠠᠭᠳᠠᠯ ᠢᠶᠠᠷ ᠲᠤᠭᠳᠠᠭᠠᠬᠤ ᠲᠦᠷᠢᠮ ᠢ ᠬᠡᠷᠡᠭᠯᠡᠵᠦ᠂ ᠨᠠᠰᠤᠨ ᠤ ᠬᠤᠪᠢᠶᠠᠷᠢᠯᠠᠯ ᠪᠠᠷ ᠨᠢ ᠭᠤᠷᠪᠠᠨ ᠳᠤᠭᠤᠶᠢᠯᠠᠩ ᠬᠤᠪᠢᠶᠠᠵᠤ᠂ ᠪᠡᠶ᠎ᠡ ᠶᠢᠨ ᠬᠦᠨᠳᠦ ᠪᠠᠷ ᠨᠢ 28 ᠲᠠᠰ ᠬᠤᠪᠢᠶᠠᠵᠠᠶ᠃ ᠤᠷᠤᠯᠳᠤᠭᠠᠨ ᠨᠢ 7 ᠳ᠋ᠤᠭᠠᠷ ᠰᠠᠷ᠎ᠠ ᠶᠢᠨ 11᠎ ᠤ ᠡᠳᠦᠷ ᠠᠴᠠ 17᠎ ᠤ ᠡᠳᠦᠷ ᠪᠣᠯᠲᠠᠯ᠎ᠠ  ᠶᠠᠪᠤᠭᠳᠠᠬᠤ ᠎ ᠪᠠᠷ ᠪᠠᠶᠢᠵᠤ᠂ 7 ᠡᠳᠦᠷ ᠤᠨ ᠬᠤᠷᠴᠠ ᠰᠢᠷᠦᠭᠦᠨ ᠦᠷᠢᠰᠤᠯᠳᠤᠭᠡᠨ ᠢᠶᠠᠷ ᠳᠠᠮᠵᠢᠨ ᠡᠴᠦᠰ ᠲᠡᠭᠡᠨ 28 ᠠᠯᠲᠠᠨ ᠮᠧᠳᠠᠯ ᠬᠦᠷᠳᠡᠭᠴᠢ ᠴᠤᠯᠭᠤᠷᠠᠨ ᠭᠠᠷᠬᠤ ᠪᠣᠯᠣᠨ᠎ᠠ᠃      ᠲᠣᠰ ᠤᠳᠠᠭᠠᠨ ᠤ ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠠᠭᠠᠴᠢᠯᠠᠨ ᠡᠷᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠲᠥᠪ᠂ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠬᠠᠮᠵᠢᠯᠴᠠᠨ ᠡᠷᠭᠢᠯᠡᠪᠡ᠃   
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ