ᠠᠷᠪᠠᠨ ᠳᠥᠷᠪᠡᠳᠦᠭᠡᠷ ᠬᠤᠭᠤᠴᠠᠭᠠᠨ ᠤ ᠤᠳᠬ᠎ᠠ ᠤᠷᠠᠯᠢᠭ ᠤᠨ ᠠᠷᠠᠳ ᠲᠤ ᠠᠰᠢᠭ ᠬᠦᠷᠲᠡᠭᠡᠬᠦ ᠲᠣᠭᠯᠠᠯᠲᠠ ᠡᠵᠡᠨ ᠬᠤᠷᠤᠭ᠎ᠠ ᠬᠤᠰᠢᠭᠤᠨ ᠳᠤ ᠢᠷᠡᠪᠡ
ᠨᠡᠶᠢᠲᠡᠯᠡᠭᠰᠡᠨ ᠴᠠᠭ᠄
2023/7/13
     7 ᠳ᠋ᠤᠭᠠᠷ ᠰᠠᠷ᠎ᠠ ᠶᠢᠨ 12᠎ ᠤᠨ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠤᠳᠬ᠎ᠠ ᠤᠷᠠᠯᠢᠭ ᠤᠨ ᠠᠷᠠᠳ ᠲᠤ ᠠᠰᠢᠭ ᠬᠦᠷᠲᠡᠭᠡᠬᠦ ᠲᠣᠭᠯᠠᠯᠲᠠ ᠬᠤᠰᠢᠭᠤᠨ ᠤ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠳᠤ ᠶᠠᠪᠤᠭᠳᠠᠪᠠ᠃     ᠲᠣᠭᠯᠠᠯᠲᠠ ᠶᠢᠨ ᠠᠬᠤᠶ ᠲᠠᠯᠠᠪᠠᠶ ᠳᠤ᠂ ᠣᠷᠣᠨ ᠤ ᠭᠠᠳᠠᠨᠠᠬᠢ ᠳᠥᠷᠪᠡᠨ ᠤᠷᠠᠯᠢᠭ ᠤᠨ ᠪᠦᠯᠬᠦᠮ ᠪᠠ ᠡᠵᠡᠨ ᠬᠤᠷᠤᠭ᠎ᠠ ᠬᠤᠰᠢᠭᠤᠨ ᠤ ᠤᠯᠠᠭᠠᠨᠮᠥ᠋ᠴᠢᠷ ᠠᠴᠠ ᠳᠠᠭᠤᠤ᠂ ᠪᠥᠵᠢᠭ᠂  ᠣᠷᠳᠣ ᠶᠢᠨ ᠳᠠᠭᠤᠤ᠂ ᠬᠥᠭᠵᠢᠮ ᠵᠡᠷᠭᠡ ᠪᠠᠶᠠᠯᠢᠭ ᠠᠭᠤᠯᠭ᠎ᠠ ᠪᠦᠬᠦᠢ ᠲᠣᠭᠯᠠᠯᠲᠠ ᠭᠠᠷᠭᠠᠪᠠ᠃ ᠲᠣᠭᠯᠠᠯᠲᠠ ᠨᠢ ᠲᠤᠬᠠᠢ ᠶᠢᠨ ᠭᠠᠵᠠᠷ ᠤᠨ ᠰᠣᠶᠣᠯ ᠢᠷᠭᠡᠨᠰᠢᠯ ᠲᠡᠦᠬᠡ ᠪᠣᠯᠤᠨ ᠣᠷᠣᠨ ᠨᠤᠲᠤᠭ ᠤᠨ ᠵᠠᠩ ᠠᠷᠠᠨᠰᠢᠨ ᠲᠠᠢ ᠰᠠᠶᠢᠬᠠᠨ ᠵᠤᠬᠢᠴᠠᠯᠳᠤᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠦᠭᠰᠡᠨ ᠲᠡᠮᠡᠴᠡᠯ ᠤᠨ ᠥᠩᠭᠡᠷᠡᠯᠲᠡ ᠶᠢ ᠮᠠᠭᠲᠠᠨ ᠳᠠᠭᠤᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠭᠤᠤ ᠭᠠᠪᠢᠶ᠎ᠠ ᠠᠤᠭ᠎ᠠ ᠵᠢᠳᠬᠦᠯ ᠢ ᠮᠠᠭᠲᠠᠨ ᠳᠠᠭᠤᠯᠠᠵᠤ᠂ ᠡᠬᠡ ᠤᠯᠤᠰ ᠤᠨ ᠠᠭᠤᠯᠠ ᠤᠰᠤᠨ ᠤ ᠭᠤᠸ᠎ᠠ ᠰᠠᠶᠢᠬᠠᠨ᠂ ᠰᠣᠶᠣᠯ ᠤᠨ ᠭᠤᠸ᠎ᠠ ᠰᠠᠶᠢᠬᠠᠨ᠂ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠭᠤᠸ᠎ᠠ ᠰᠠᠶᠢᠬᠠᠨ ᠢ ᠢᠯᠡᠷᠡᠬᠦᠯᠦᠨ᠂ ᠭᠤᠴᠣ ᠰᠠᠶᠢᠬᠠᠨ ᠲᠣᠭᠯᠠᠯᠲᠠ ᠨᠢ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ  ᠤᠯᠤᠭᠰᠠᠨ ᠪᠠᠶᠢᠨ᠎ᠠ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ