ᠮᠠᠨ ᠤ ᠬᠤᠰᠢᠭᠤ ᠤᠷᠠᠨ ᠪᠢᠴᠢᠯᠭᠡ ᠶᠢᠨ ᠨᠥᠬᠦᠷᠯᠡᠯ ᠤᠨ ᠠᠵᠢᠯᠯᠠᠭ᠎ᠠ ᠦᠷᠨᠢᠬᠦᠯᠵᠡᠢ
ᠨᠡᠶᠢᠲᠡᠯᠡᠭᠰᠡᠨ ᠴᠠᠭ᠄
2023/7/15
      ᠤᠶᠢᠷ᠎ᠠ ᠳᠤ᠂ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠰᠣᠶᠣᠯ ᠦᠵᠡᠰᠬᠦᠯᠡᠩ ᠤᠨ ᠤᠶᠢᠯᠡᠰ ᠤᠨ ᠬᠥᠭᠵᠢᠯᠲᠡ ᠶᠢᠨ ᠲᠥᠪ ᠠᠴᠠ ᠭᠤᠤᠯᠯᠠᠨ ᠡᠷᠭᠢᠯᠡᠭᠰᠡᠨ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠲᠤᠳᠤᠨᠤ ᠬᠠᠶᠢᠷ᠎ᠠ ᠰᠡᠳᠬᠢᠯᠭᠡ ᠶᠢ ᠨᠢᠭᠲᠠᠷᠠᠭᠤᠯᠬᠤ︾ ᠤᠷᠠᠨ ᠪᠢᠴᠢᠯᠭᠡ ᠶᠢᠨ ᠨᠥᠬᠦᠷᠯᠡᠯ ᠤᠨ ᠠᠵᠢᠯᠯᠠᠭ᠎ᠠ ᠢ ᠾᠧ ᠠᠮᠢ ᠠᠬᠤᠶ ᠶᠢᠨ ᠰᠣᠶᠣᠯ ᠤᠨ ᠦᠵᠡᠰᠬᠦᠯᠡᠩ ᠤᠨ ᠬᠦᠷᠢᠶᠡᠯᠡᠩ ᠳᠤ ᠶᠠᠪᠤᠭᠳᠠᠪᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠮᠠᠨ ᠤ ᠬᠤᠰᠢᠭᠤᠨ ᠤ ᠤᠷᠠᠨ ᠪᠢᠴᠢᠯᠭᠡᠳᠡᠨ ᠤ ᠨᠡᠶᠢᠭᠡᠮᠯᠢᠭ ᠵᠢᠴᠢ ᠬᠠᠮᠢᠶ᠎ᠠ ᠪᠦᠬᠦᠢ ᠤᠷᠠᠨ ᠪᠢᠴᠢᠯᠭᠡᠲᠡᠳ ᠲᠣᠰ ᠲᠣᠰ ᠤᠨ ᠴᠤᠭ ᠵᠢᠪᠬᠤᠭ᠎ᠠ ᠪᠠᠨ ᠢᠯᠡᠷᠡᠬᠦᠯᠵᠦ᠂ ᠰᠤᠳᠤᠨ ᠪᠦᠳᠤᠭᠡᠯ ᠢᠶᠠᠨ ᠲᠡᠯᠭᠡᠪᠡ᠃      ᠲᠤᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠᠳᠤ ᠶᠢᠨ ᠰᠣᠶᠣᠯ ᠤᠨ ᠬᠠᠮᠲᠤ ᠶᠢᠨ ᠲᠠᠨᠢᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠰᠣᠶᠣᠯ ᠤᠨ ᠠᠭᠤᠰᠤᠯᠴᠠᠨ ᠬᠥᠭᠵᠢᠬᠦ ᠶᠢ ᠪᠦᠲᠦᠮᠵᠢᠲᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠬᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃   
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ