ᠪᠥᠬᠦ ᠬᠤᠲᠠ ᠶᠢᠨ ᠰᠢᠭᠦᠬᠦ ᠬᠤᠷᠢᠶᠠᠨ ᠤ ᠰᠢᠰᠲ᠋ᠧᠮ ᠤᠨ ︽ᠮᠢᠨᠦ ᠬᠡᠷᠡᠭ ᠲᠠᠰᠤᠯᠬᠤ ᠶᠢ ᠰᠣᠨᠣᠰᠬᠤ︾ ᠥᠯᠢᠭᠡᠷ ᠤᠨ ᠴᠤᠭᠯᠠᠭᠠᠨ ᠤ 2023 ᠣᠨ ᠤ ᠬᠤᠶᠠᠳᠤᠭᠠᠷ ᠤᠯᠠᠷᠢᠯ ᠤᠨ ᠰᠢᠢᠳᠪᠤᠷᠢᠳᠤ ᠤᠷᠤᠯᠳᠤᠭᠠᠨ ᠡᠵᠡᠨ ᠬᠤᠷᠤᠭ᠎ᠠ ᠬᠤᠰᠢᠭᠤᠨ ᠳᠤ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2023/7/16
    ᠤᠶᠢᠷ᠎ᠠ ᠳᠤ᠂ ᠣᠷᠳᠣᠰ ᠬᠤᠲᠠ ᠶᠢᠨ ᠰᠢᠭᠦᠬᠦ ᠬᠤᠷᠢᠶᠠᠨ ᠤ ᠰᠢᠰᠲ᠋ᠧᠮ ᠤᠨ ︽ᠮᠢᠨᠦ ᠬᠡᠷᠡᠭ ᠲᠠᠰᠤᠯᠬᠤ ᠶᠢ ᠰᠣᠨᠣᠰᠬᠤ︾ ᠥᠯᠢᠭᠡᠷ ᠤᠨ ᠴᠤᠭᠯᠠᠭᠠᠨ ᠤ 2023 ᠣᠨ ᠤ ᠬᠤᠶᠠᠳᠤᠭᠠᠷ ᠤᠯᠠᠷᠢᠯ ᠤᠨ ᠰᠢᠢᠳᠪᠤᠷᠢᠳᠤ ᠤᠷᠤᠯᠳᠤᠭᠠᠨ ᠡᠵᠡᠨ ᠬᠤᠷᠤᠭ᠎ᠠ ᠬᠤᠰᠢᠭᠤᠨ ᠳᠤ ᠲᠡᠭᠦᠰ ᠠᠮᠵᠢᠯᠲᠠ ᠲᠠᠢ ᠥᠨᠳᠥᠷᠯᠡᠪᠡ᠃    ᠰᠢᠢᠳᠪᠦᠷᠢᠲᠦ ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠪᠦᠬᠦ ᠬᠤᠳᠠ ᠶᠢᠨ ᠰᠢᠭᠦᠬᠦ ᠬᠤᠷᠢᠶᠠᠨ ᠤ  ᠰᠢᠰᠲ᠋ᠧᠮ ᠤᠨ ᠰᠣᠩᠭᠤᠨ ᠲᠡᠪᠰᠢᠬᠦᠯᠦᠭᠰᠡᠨ 10 ᠨᠡᠷᠡᠰ ᠤᠷᠤᠯᠳᠤᠭᠠᠨ ᠳᠤ ᠣᠷᠣᠯᠴᠠᠭᠰᠠᠨ ᠺᠠᠳ᠋ᠷ ᠴᠠᠭᠳᠠᠭ᠎ᠠ ᠬᠠᠮᠤᠭ ᠤᠨ ᠪᠣᠷᠣᠭᠵᠢᠭᠤᠨ ᠦᠭᠡ ᠬᠡᠯᠡ᠂ ᠬᠠᠮᠤᠭ ᠤᠨ ᠴᠢᠩ ᠦᠨᠡᠨᠴᠢ ᠬᠠᠶᠢᠷ᠎ᠠ ᠰᠡᠳᠬᠢᠯᠭᠡ ᠪᠠᠷ ᠤᠷᠳᠤᠰ ᠤᠨ ᠰᠢᠭᠦᠬᠦ ᠬᠤᠷᠢᠶᠠᠨ ᠤ ᠬᠥᠮᠦᠰ ᠤᠨ ᠡᠳᠦᠷ ᠰᠥᠨᠢ ᠶᠢ ᠬᠠᠶᠢᠬᠤᠷᠤᠯ ᠦᠭᠡᠢ ᠠᠵᠢᠯᠯᠠᠵᠤ ᠪᠠᠶᠢᠬᠤ ᠪᠠᠶᠢᠳᠠᠯ ᠢ ᠠᠮᠢᠳᠤᠯᠢᠭ ᠢᠶᠠᠷ ᠢᠯᠡᠳᠭᠡᠪᠠ᠃     ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠬᠠᠩᠭᠢᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠸᠠᠩ ᠵᠢᠩ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠬᠢᠶ᠎ᠠ ᠪᠠᠭᠰᠢ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠯᠢ ᠰᠢᠤᠸᠠᠢ ᠮᠧᠶ᠂ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠮᠦᠴᠢᠷ ᠬᠤᠶᠠᠳᠤᠭᠠᠷ ᠳᠡᠰ ᠤᠨ ᠱᠠᠩᠨᠠᠯ ᠭᠥᠷᠳᠡᠵᠦ᠂ ᠳᠠᠯᠠᠳ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠠᠨ ᠷᠦᠢ ᠷᠦᠩ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠦ᠋ ᠼᠠᠢ ᠰᠢᠶᠠ᠂ ᠳ᠋ᠦᠩᠱᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠬᠤ᠋ ᠰᠢᠨ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃    ᠲᠣᠰ ᠤᠳᠠᠭᠠᠨ ᠤ ᠤᠷᠤᠯᠳᠤᠭᠠᠨ ᠢ ᠣᠷᠳᠣᠰ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠠᠴᠠ ᠭᠤᠤᠯᠯᠠᠨ ᠡᠷᠭᠢᠯᠡᠵᠦ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠠᠴᠠ ᠳᠠᠭᠠᠭᠠᠴᠢᠯᠠᠨ ᠡᠷᠭᠢᠯᠡᠪᠡ᠃ ᠡᠯ᠎ᠡ ᠦᠨᠳᠦᠰᠦᠨ ᠱᠠᠲᠤᠨ ᠤ ᠰᠢᠭᠦᠬᠦ ᠬᠤᠷᠢᠶᠠᠨ ᠤ ᠳᠠᠷᠤᠭ᠎ᠠ᠂ ᠣᠷᠳᠣᠰ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠪᠠ ᠦᠨᠳᠦᠰᠦᠨ ᠱᠠᠲᠤᠨ ᠤ ᠰᠢᠭᠦᠬᠦ ᠬᠤᠷᠢᠶᠠᠨ ᠤ ᠺᠠᠳ᠋ᠷ ᠴᠠᠭᠳᠠᠭ᠎ᠠ ᠶᠢᠨ ᠲᠥᠯᠥᠭᠡᠯᠡᠭᠴᠢ ᠵᠢᠴᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠪᠥᠬᠦ ᠺᠠᠳ᠋ᠷ ᠴᠠᠭᠳᠠᠭ᠎ᠠ ᠠᠵᠢᠯᠯᠠᠭ᠎ᠠ ᠳᠤ ᠣᠷᠣᠯᠴᠠᠪᠠ᠃     ᠣᠶᠢᠯᠠᠭᠠᠭᠰᠠᠨ ᠢᠶᠠᠷ᠂ ᠭᠤᠷᠪᠠᠳᠤᠭᠠᠷ ᠤᠯᠠᠷᠢᠯ ᠤᠨ ︽ᠮᠢᠨᠦ ᠬᠡᠷᠡᠭ ᠲᠠᠰᠤᠯᠬᠤ ᠶᠢ ᠰᠣᠨᠣᠰᠬᠤ︾ ᠦᠯᠢᠭᠡᠷ ᠤᠨ ᠴᠤᠭᠯᠠᠭᠠᠨ ᠤ ᠰᠢᠢᠳᠪᠤᠷᠢᠳᠤ ᠤᠷᠤᠯᠳᠤᠭᠠᠨ ᠢ ᠳᠠᠯᠠᠳ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠠᠴᠠ ᠲᠠᠭᠠᠭᠠᠴᠢᠯᠠᠨ ᠡᠷᠬᠢᠯᠡᠬᠦ ᠪᠣᠯᠤᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ