ᠴᠠᠬᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ︽ᠬᠤᠣᠰ ᠳᠠᠷᠤᠭ᠎ᠠ ᠶᠢᠨ ᠳᠦᠷᠢᠮ︾᠎ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/7/19
                    ᠡᠵᠡᠨ ᠵᠠᠰᠠᠭ ᠠᠯᠪᠠᠨ ᠲᠠᠷᠬᠠᠭᠠᠭᠰᠠᠨ〔2023〕19 ᠳ᠋ᠤᠭᠡᠷ ᠲᠣᠭᠠᠲᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠳᠤ᠄     2023 ᠣᠨ ᠪᠣᠯ ᠬᠤᠲᠠ ᠶᠢᠨ ᠨᠠᠮ ᠤᠨ ᠬᠤᠷᠢᠶᠠᠨ ᠤ ︽ᠭᠤᠷᠪᠠᠨ ᠳᠥᠷᠪᠡ︾᠎ ᠶᠢᠨ ᠬᠥᠭᠵᠢᠯᠲᠡ ᠶᠢᠨ ᠬᠠᠷᠠᠯᠲᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠪᠣᠭᠤᠮᠲᠠ ᠰᠢᠪᠲᠤᠯᠬᠤ ᠵᠢᠯ ᠮᠥᠨ᠂ ᠴᠠᠬᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠬᠦᠴᠢᠷᠳᠡᠯ ᠪᠠ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠬᠦ ᠶᠢᠨ ᠲᠥᠯᠥᠭᠡ᠂ ᠥᠨᠳᠥᠷ ᠪᠦᠲᠦᠮᠵᠢᠲᠡᠶ ᠬᠡᠷᠡᠭ ᠵᠥᠪᠯᠡᠬᠦ ᠪᠠ ᠵᠥᠪᠳᠡᠯᠴᠡᠬᠦ ᠲᠣᠭᠲᠠᠴᠠ  ᠶᠢ ᠪᠠᠶᠢᠭᠤᠯᠤᠨ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠢᠶᠠᠷ ᠲᠣᠭᠲᠠᠭᠰᠠᠨ ᠬᠤᠭᠤᠴᠠᠭᠠᠨ ᠳᠤ ᠴᠠᠬᠢᠯᠭᠠᠨ ᠬᠠᠩᠭᠠᠬᠤ ᠶᠢ ᠪᠠᠲᠤᠯᠠᠵᠤ᠂ ᠪᠠᠲᠤ ᠴᠢᠩᠭ᠎ᠠ ᠴᠠᠬᠢᠯᠭᠠᠨ ᠤ ᠲᠣᠣᠷ ᠢᠶᠠᠷ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠶᠢ ᠲᠤᠯᠭᠠᠭᠤᠷᠢᠯᠠᠵᠤ᠂ ᠬᠦᠭᠵᠢᠯᠳᠡ ᠶᠢᠨ ᠰᠢᠨ᠎ᠡ ᠵᠠᠮ ᠨᠡᠭᠡᠭᠡᠬᠦ᠂ ᠰᠢᠨ᠎ᠡ ᠬᠥᠳᠡᠯᠭᠡᠭᠦᠷ ᠢ ᠡᠭᠦᠳᠬᠦ᠂ ᠰᠢᠨ᠎ᠡ ᠳᠠᠪᠠᠭᠤᠯᠢᠭ ᠢ ᠡᠭᠦᠳᠬᠦ ᠳᠤ ᠬᠦᠴᠦ ᠨᠡᠮᠡᠷᠢᠯᠡᠵᠦ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠣᠷᠳᠣᠰ ᠤᠨ ᠴᠠᠬᠢᠯᠭᠠᠨ ᠬᠦᠴᠦᠨ ᠤ ᠺᠣᠮᠫᠠᠨᠢ ᠲᠠᠢ ᠵᠥᠪᠳᠡᠯᠴᠡᠨ ᠰᠤᠳᠤᠯᠬᠤ ᠪᠠᠷ ᠳᠡᠮᠵᠢᠨ᠂ ᠴᠠᠬᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ︽ᠬᠤᠣᠰ ᠳᠠᠷᠤᠭ᠎ᠠ ᠶᠢᠨ ᠳᠦᠷᠢᠮ︾᠎ ᠤᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠪᠠᠷ ᠲᠣᠭᠲᠠᠵᠤ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠃       ᠨᠢᠭᠡ᠂ ᠪᠦᠷᠢᠯᠳᠦᠭᠦᠨ       ᠳᠠᠷᠤᠭ᠎ᠠ᠄ ᠦ᠋ ᠶᠦᠨ    ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ       ᠲᠢᠶᠠᠨ ᠪᠢᠨ     ᠣᠷᠳᠣᠰ ᠤᠨ ᠴᠠᠬᠢᠯᠭᠠᠨ ᠬᠠᠩᠭᠠᠬᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠪᠠᠶᠢᠩᠭᠤ ᠶᠢᠨ ᠤᠳᠤᠷᠢᠳᠤᠯᠭ᠎ᠠ᠄        ᠯᠢ ᠬᠦᠶ        ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ       ᠰᠥᠩ ᠼᠦᠩ ᠶᠤᠸᠠᠢ         ᠣᠷᠳᠣᠰ ᠤᠨ ᠴᠠᠬᠢᠯᠭᠠᠨ ᠬᠠᠩᠭᠠᠬᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠪᠦᠷᠢᠯᠳᠦᠭᠦᠨ᠄       ᠠᠯᠲᠠᠨᠪᠤᠤ               ᠤᠯᠠᠭᠠᠨᠮᠦ᠋ᠷᠡᠨ ᠪᠠᠯᠭᠠᠰᠤᠨ ᠤ ᠳᠠᠷᠤᠭ᠎ᠠ       ᠵᠠᠩ ᠬᠠᠢ ᠹᠧᠩ          ᠣᠷᠳᠣᠰ ᠤᠨ ᠴᠠᠬᠢᠯᠭᠠᠨ ᠬᠠᠩᠭᠠᠬᠤ ᠺᠣᠮᠫᠠᠨᠢ ᠶᠢᠨ ᠳᠡᠳ᠋ ᠶᠡᠷᠦᠩᠬᠡᠢ ᠢᠨᠵᠧᠨᠧᠷ       ᠶᠠᠩ  ᠹᠧᠢ ᠶᠤᠸᠠᠢ        ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ       ᠵᠠᠩ ᠰᠢᠶᠦᠶᠢᠩ ᠱᠠᠨ      ᠡᠵᠡᠨ ᠬᠤᠷᠤᠭ᠎ᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ       ᠯᠢᠦ ᠰᠢᠤᠸᠠᠢ ᠳ᠋ᠦᠩ       ᠡᠵᠡᠨ ᠬᠤᠷᠤᠭ᠎ᠠ ᠬᠤᠰᠢᠭᠤᠨ ᠤ ᠡᠨᠧᠷᠭᠢ ᠶᠢᠨ ᠲᠣᠪᠴᠢᠶᠠᠨ ᠤ ᠳᠠᠷᠤᠭ᠎ᠠ       ᠨᠢᠦ ᠰᠢᠤᠸᠠᠢ ᠵᠢᠶᠦ᠋ᠨ      ᠡᠵᠡᠨ ᠬᠤᠷᠤᠭ᠎ᠠ ᠬᠤᠰᠢᠭᠤᠨ ᠤ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶᠠᠨ ᠤ ᠳᠠᠷᠤᠭ᠎ᠠ       ᠢᠦᠢ ᠴᠢᠩ ᠰᠢᠶᠠᠨ        ᠠᠯᠳᠠᠨᠰᠢᠷᠡᠭᠡ  ᠪᠠᠯᠭᠠᠰᠤᠨ ᠤ ᠳᠠᠷᠤᠭ᠎ᠠ       ᠰᠤ᠋ ᠯᠢ ᠵᠢᠶᠦ᠋ᠨ          ᠡᠵᠡᠨ ᠬᠤᠷᠤᠭ᠎ᠠ ᠪᠠᠯᠭᠠᠰᠤᠨ ᠤ ᠳᠠᠷᠤᠭ᠎ᠠ       ᠤᠣ  ᠶᠤᠸᠠᠨ           ᠵᠠᠰᠠᠭ ᠪᠠᠯᠭᠠᠰᠤᠨ ᠤ ᠳᠠᠷᠤᠭ᠎ᠠ       ᠸᠠᠩ ᠴᠢᠶᠠᠩ            ᠨᠠᠷᠢᠨᠳᠤᠬᠤᠢ ᠪᠠᠯᠭᠠᠰᠤᠨ ᠤ ᠳᠠᠷᠤᠭ᠎ᠠ       ᠶᠠᠩ ᠵᠧᠨ              ᠬᠤᠨᠢᠴᠢᠨᠭᠤᠤᠯ ᠪᠠᠯᠭᠠᠰᠤᠨ ᠤ ᠳᠠᠷᠤᠭ᠎ᠠ       ᠯᠢ ᠾᠦᠢ ᠵᠢᠶᠦ᠋ᠨ       ᠰᠤᠪᠤᠷᠭ᠎ᠠ ᠪᠠᠯᠭᠠᠰᠤᠨ ᠤ ᠳᠠᠷᠤᠭ᠎ᠠ ᠶᠢᠨ ᠨᠡᠷ᠎ᠡ ᠳᠤᠷᠠᠳᠤᠭᠳᠠᠬᠤ ᠬᠥᠮᠥᠨ       ᠪᠠᠢ ᠽᠠᠢ ᠹᠦ᠋           ᠮᠧᠩ  ᠰᠤ᠋  ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ  ᠲᠤᠪᠴᠢᠶᠠᠨ ᠤ ᠲᠠᠷᠤᠭ᠎ᠠ     ᠭᠤᠸ ᠴᠢᠶᠠᠩ          ᠣᠷᠳᠣᠰ ᠤᠨ ᠴᠠᠬᠢᠯᠭᠠᠨ ᠬᠠᠩᠭᠠᠬᠤ ᠺᠣᠮᠫᠠᠨᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ  ᠬᠡᠯᠳᠡᠰ ᠤᠨ ᠲᠠᠷᠤᠭ᠎ᠠ      ᠼᠤᠤ ᠭᠦᠸᠧ ᠦ᠋        ᠣᠷᠳᠣᠰ ᠤᠨ ᠴᠠᠬᠢᠯᠭᠠᠨ ᠬᠠᠩᠭᠠᠬᠤ ᠺᠣᠮᠫᠠᠨᠢ ᠶᠢᠨ ᠲᠥᠯᠥᠪᠯᠡᠭᠡᠨ ᠤ ᠬᠥᠭᠵᠢᠭᠦᠯᠦᠯᠲᠡ ᠶᠢᠨ  ᠬᠡᠯᠳᠡᠰ ᠤᠨ ᠲᠠᠷᠤᠭ᠎ᠠ      ᠸᠠᠩ ᠯᠢ ᠫᠢᠩ          ᠣᠷᠳᠣᠰ ᠤᠨ ᠴᠠᠬᠢᠯᠭᠠᠨ ᠬᠠᠩᠭᠠᠬᠤ ᠺᠣᠮᠫᠠᠨᠢ ᠶᠢᠨ  ᠡᠵᠡᠨ ᠬᠤᠷᠤᠭ᠎ᠠ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠎ ᠶᠢᠨ ᠳᠠᠭᠠᠭᠠᠮᠠᠯ       ᠤᠳᠤᠷᠢᠳᠬᠤ ᠳᠤᠭᠤᠶᠢᠯᠠᠩ ᠨᠢ ᠴᠠᠬᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢᠨ ᠠᠵᠢᠯ ᠤᠨ ᠬᠠᠮᠲᠤᠷᠠᠭᠰᠠᠨ ᠬᠤᠷᠠᠯ᠂ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠬᠤ ᠶᠢ ᠬᠠᠷᠢᠭᠤᠴᠠᠵᠤ᠂ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠴᠠᠭ ᠲᠤᠬᠠᠢ ᠳᠤᠨᠢ ᠡᠵᠡᠮᠰᠢᠨ᠂ ᠴᠢᠬᠤᠯᠠ ᠶᠡᠭᠡ ᠬᠦᠴᠢᠷ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ︔ ᠡᠯ᠎ᠡ ᠪᠦᠷᠢᠯᠳᠦᠭᠦᠨ ᠨᠢᠭᠡᠴᠡ ᠶᠢ ᠵᠣᠬᠢᠴᠠᠭᠤᠯᠤᠨ ᠨᠢᠭᠡᠳᠦᠯᠲᠡᠢ ᠲᠥᠯᠥᠪᠯᠡᠵᠦ ᠪᠠᠶᠢᠭᠠᠳ ᠬᠠᠤᠯᠢ ᠶᠣᠰᠣᠭᠠᠷ ᠲᠦᠯᠬᠢᠨ ᠠᠬᠢᠭᠤᠯᠵᠤ᠂ ᠴᠠᠬᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠴᠠᠭ ᠲᠤᠬᠠᠢ ᠳᠤᠨᠢ ᠪᠡᠶᠡᠯᠡᠭᠦᠯᠦᠨ᠎ᠡ᠃       ᠬᠤᠶᠠᠷ᠂ ᠠᠵᠢᠯ ᠤᠨ ᠡᠭᠦᠷᠭᠡ ᠬᠠᠷᠢᠭᠤᠴᠠᠯᠭ᠎ᠠ       ᠣᠷᠳᠣᠰ ᠤᠨ ᠴᠠᠬᠢᠯᠭᠠᠨ ᠬᠠᠩᠭᠠᠬᠤ ᠺᠣᠮᠫᠠᠨᠢ᠄ ᠴᠠᠬᠢᠯᠭᠠᠨ ᠬᠦᠴᠦᠨ ᠤ ᠢᠨᠵᠧᠨᠧᠷᠢᠩ ᠤᠨ ᠬᠡᠷᠡᠭᠵᠢᠭᠦᠯᠬᠦ ᠲᠥᠯᠥᠪᠯᠡᠭᠡ ᠶᠢ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠬᠠᠮᠢᠶ᠎ᠠ ᠪᠦᠬᠦᠢ ᠨᠢᠭᠡᠴᠡ ᠶᠢ ᠵᠣᠬᠢᠶᠠᠨ ᠪᠠᠶᠢᠭᠤᠯᠤᠨ ᠴᠠᠬᠢᠯᠭᠠᠨ ᠲᠣᠣᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ ᠴᠠᠭ ᠲᠤᠬᠠᠢ ᠳᠤᠨᠢ ᠲᠣᠬᠢᠷᠠᠭᠤᠯᠤᠨ᠂ ᠪᠦᠲᠦᠭᠡᠨ ᠪᠠᠶᠢᠭᠤᠯᠬᠤ ᠶᠠᠪᠤᠴᠠ ᠳᠤ ᠲᠤᠯᠭᠠᠷᠠᠭᠰᠠᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃       ᠡᠵᠡᠨ ᠬᠤᠷᠤᠭ᠎ᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ ᠴᠠᠬᠢᠯᠭᠠᠨ ᠬᠦᠴᠦᠨ ᠤ ᠢᠨᠵᠧᠨᠧᠷᠢᠩ ᠤᠨ ᠲᠥᠯᠦᠪᠵᠢᠭᠦᠯᠭᠡ᠂ ᠬᠤᠲᠠ ᠶᠢᠨ ᠶᠠᠪᠤᠳᠠᠯ ᠤᠨ ᠬᠤᠩᠭᠢᠯ ᠤᠨ ᠲᠥᠯᠦᠪᠵᠢᠭᠦᠯᠭᠡ ᠶᠢ ᠬᠠᠮᠵᠢᠨ ᠰᠠᠶᠢᠲᠤᠷ ᠬᠢᠨ᠎ᠡ︔ ᠴᠠᠬᠢᠯᠭᠠᠨ ᠬᠦᠴᠦᠨ ᠤ ᠱᠤᠭᠤᠮ ᠵᠢᠴᠢ ᠬᠠᠮᠢᠶ᠎ᠠ ᠪᠦᠬᠦᠢ ᠪᠠᠷᠢᠯᠭ᠎ᠠ ᠶᠢᠨ ᠲᠥᠯᠦᠪᠵᠢᠭᠦᠯᠭᠡ ᠶᠢᠨ ᠭᠠᠵᠠᠷ ᠰᠣᠩᠭᠤᠬᠤ᠂ ᠲᠤᠬᠠᠢ ᠶᠢᠨ ᠭᠠᠵᠠᠷ ᠲᠤᠨᠢ ᠬᠠᠶᠢᠨ ᠰᠢᠨᠵᠢᠬᠦ᠂ ᠭᠠᠵᠠᠷ ᠰᠢᠷᠣᠢ ᠲᠠᠲᠠᠪᠤᠷᠢᠯᠠᠬᠤ ᠵᠡᠷᠭᠡ ᠲᠥᠯᠦᠪᠵᠢᠭᠦᠯᠭᠡ ᠵᠢᠴᠢ ᠭᠠᠵᠠᠷ ᠰᠢᠷᠣᠢ ᠶᠢᠨ ᠭᠠᠷᠳᠠᠮ ᠢ ᠭᠦᠢᠴᠡᠳᠬᠡᠬᠦ ᠠᠵᠢᠯ ᠢ ᠬᠠᠮᠵᠢᠯᠴᠠᠨ ᠰᠠᠶᠢᠲᠤᠷ ᠬᠢᠨ᠎ᠡ᠃       ᠡᠵᠡᠨ ᠬᠤᠷᠤᠭ᠎ᠠ ᠬᠤᠰᠢᠭᠤᠨ ᠤ ᠡᠨᠧᠷᠭᠢ ᠶᠢᠨ ᠲᠣᠪᠴᠢᠶ᠎ᠠ᠄ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠪᠦᠷᠢᠨ ᠭᠦᠢᠴᠡᠳ ᠪᠠᠶᠢᠬᠤ ᠤᠷᠢᠲᠠᠯ ᠳᠣᠣᠷ᠎ᠠ᠂ ᠲᠣᠭᠲᠠᠭᠰᠠᠨ ᠬᠤᠭᠤᠴᠠᠭᠠᠨ ᠳᠤ ᠲᠥᠷᠥᠯ ᠵᠦᠢᠯ ᠤᠨ ᠲᠥᠷᠥᠯ ᠵᠦᠢᠯ ᠲᠣᠭᠲᠠᠭᠠᠬᠤ᠂ ᠳᠠᠩᠰᠠᠯᠠᠭᠤᠯᠬᠤ ᠶᠢ ᠪᠡᠶᠡᠯᠡᠭᠦᠯᠦᠨ᠎ᠡ᠃       ᠡᠵᠡᠨ ᠬᠤᠷᠤᠭ᠎ᠠ ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠄ ᠰᠠᠭᠠᠳ ᠦᠭᠡᠢ ᠨᠡᠪᠲᠡᠷᠡᠬᠦ ᠵᠠᠮ ᠢᠶᠠᠷ ᠳᠡᠮᠵᠢᠨ ᠣᠶ ᠰᠢᠭᠤᠢ ᠡᠪᠡᠰᠦ ᠪᠡᠯᠴᠢᠭᠡᠷ ᠤᠨ ᠭᠠᠷᠳᠠᠮ ᠢ ᠬᠢᠨᠠᠨ ᠪᠠᠶᠢᠴᠠᠭᠠᠬᠤ᠂ ᠮᠡᠳᠡᠭᠦᠯᠦᠨ ᠵᠥᠪᠰᠢᠶᠡᠷᠡᠭᠦᠯᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠰᠠᠶᠢᠲᠤᠷ ᠬᠢᠨ᠎ᠡ᠃       ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠄ ᠲᠣᠰᠬᠤᠨ ᠤ ᠠᠷᠠᠳ ᠪᠤᠶᠤ ᠲᠣᠰᠬᠤᠨ ᠤ ᠬᠠᠮᠲᠤ ᠨᠡᠶᠢᠲᠡ ᠶᠢ ᠬᠠᠷᠢᠭᠤᠴᠠᠨ ᠵᠣᠬᠢᠴᠠᠭᠤᠯᠵᠤ ᠪᠠᠶᠢᠭᠠᠳ ᠴᠠᠬᠢᠯᠭᠠᠨ ᠬᠦᠴᠦᠨ ᠤ ᠪᠠᠷᠢᠯᠭ᠎ᠠ ᠶᠢᠨ ᠠᠵᠢᠯ ᠤᠨ ᠳᠤᠮᠳᠠᠬᠢ ᠰᠠᠭᠠᠳ ᠬᠠᠷᠰᠢ ᠎ ᠶᠢ ᠠᠷᠢᠯᠭᠠᠬᠤ᠂ ᠲᠥᠯᠥᠪᠦᠷᠢ ᠥᠭᠬᠦ᠂ ᠭᠠᠵᠠᠷ ᠲᠠᠲᠠᠪᠤᠷᠢᠯᠠᠬᠤ᠂ ᠨᠤᠷᠠᠭᠠᠵᠤ ᠨᠡᠭᠦᠯᠭᠡᠬᠦ᠂ ᠠᠭᠤᠷᠬᠠᠢ ᠶᠢᠨ ᠭᠠᠷᠤᠯᠲᠠ ᠶᠢ ᠳᠠᠷᠤᠬᠤ ᠵᠡᠷᠭᠡ ᠨᠥᠬᠦᠪᠦᠷᠢ ᠥᠭᠬᠦ ᠵᠥᠪᠯᠡᠯᠴᠡᠭᠡᠷ ᠲᠣᠭᠲᠠᠵᠤ᠂ ᠪᠠᠷᠢᠯᠭ᠎ᠠ ᠶᠢᠨ ᠲᠠᠯ᠎ᠠ ᠶᠢᠨ ᠬᠢᠨ ᠲᠠᠢ ᠬᠠᠮᠵᠢᠯᠴᠠᠨ ᠲᠠᠲᠠᠪᠤᠷᠢᠯᠠᠨ ᠬᠡᠷᠡᠭᠯᠡᠬᠦ ᠨᠥᠬᠦᠪᠦᠷᠢ ᠥᠭᠬᠦ ᠬᠠᠮᠢᠶ᠎ᠠ ᠪᠦᠬᠦᠢ ᠠᠵᠢᠯ ᠢ ᠥᠷᠨᠢᠭᠦᠯᠵᠦ᠂ ᠪᠦᠲᠦᠭᠡᠨ ᠪᠠᠶᠢᠭᠤᠯᠬᠤ ᠶᠠᠪᠤᠴᠠ ᠳᠤ ᠡᠭᠦᠰᠦᠭᠰᠡᠨ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠨ᠎ᠡ᠃       ᠮᠸᠡᠭ ᠰᠣ᠋ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ᠄ ᠴᠠᠬᠢᠯᠭᠠᠨ ᠲᠣᠣᠷ ᠤᠨ ᠢᠨᠵᠧᠨᠧᠷᠢᠩ ᠤᠨ  ᠪᠦᠳᠦᠭᠡᠨ ᠪᠠᠶᠢᠭᠤᠯᠤᠯᠲᠠ ᠶᠢ ᠵᠤᠬᠢᠴᠠᠭᠤᠯᠤᠨ ᠰᠢᠢᠳᠪᠦᠷᠢᠯᠡᠨ᠎ᠡ᠃      ᠣᠷᠳᠣᠰ ᠤᠨ ᠴᠠᠬᠢᠯᠭᠠᠨ ᠬᠠᠩᠭᠠᠬᠤ ᠺᠣᠮᠫᠠᠨᠢ ᠶᠢᠨ  ᠡᠵᠡᠨ ᠬᠤᠷᠤᠭ᠎ᠠ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠄ ᠬᠠᠷᠢᠶ᠎ᠠ ᠭᠠᠵᠠᠷ ᠣᠷᠣᠨ ᠤ ᠲᠣᠣᠷ ᠲᠣᠬᠢᠷᠠᠭᠤᠯᠬᠤ ᠢᠨᠵᠧᠨᠧᠷᠢᠩ ᠤᠨ ᠲᠥᠷᠥᠯ ᠵᠦᠢᠯ ᠳᠤ ᠬᠡᠷᠡᠭᠰᠡᠬᠦ ᠳᠡᠮᠵᠢᠯᠭᠡ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠬᠠᠷᠢᠭᠤᠴᠠᠨ ᠣᠯᠵᠤ᠂ ᠪᠦᠲᠦᠭᠡᠨ ᠪᠠᠶᠢᠭᠤᠯᠬᠤ ᠶᠠᠪᠤᠴᠠ ᠳᠠᠬᠢ ᠭᠠᠵᠠᠷ ᠰᠢᠷᠣᠢ ᠲᠠᠲᠠᠪᠤᠷᠢᠯᠠᠬᠤ ᠶᠢ ᠵᠣᠬᠢᠴᠠᠭᠤᠯᠬᠤ ᠠᠵᠢᠯ ᠢ ᠬᠠᠮᠵᠢᠯᠴᠠᠨ ᠪᠡᠶᠡᠯᠡᠭᠦᠯᠦᠨ᠎ᠡ᠃ ᠲᠣᠣᠷ ᠲᠣᠬᠢᠷᠠᠭᠤᠯᠬᠤ ᠪᠠᠷᠢᠯᠭ᠎ᠠ ᠶᠢᠨ ᠲᠥᠯᠥᠪᠯᠡᠭᠡ  ᠎ ᠶᠢ ᠳᠡᠭᠡᠭᠰᠢ ᠮᠡᠳᠡᠭᠦᠯᠬᠦ ᠎ ᠢ ᠪᠡᠶᠡᠯᠡᠭᠦᠯᠵᠦ᠂ ᠲᠦᠷᠦᠯ ᠵᠦᠢᠯ ᠢ ᠬᠢᠨᠠᠨ ᠵᠥᠪᠰᠢᠶᠡᠷᠡᠬᠦ ᠠᠵᠢᠯ ᠢ ᠬᠠᠪᠰᠤᠷᠤᠨ ᠪᠡᠶᠡᠯᠡᠭᠦᠯᠵᠦ᠂ ᠲᠣᠣᠷ ᠲᠣᠬᠢᠷᠠᠭᠤᠯᠬᠤ ᠪᠠᠷᠢᠯᠭ᠎ᠠ ᠶᠢᠨ ᠵᠢᠷᠤᠭᠯᠠᠨ ᠲᠥᠯᠥᠪᠯᠡᠬᠦ᠂ ᠬᠢᠨᠠᠨ ᠬᠠᠮᠢᠶᠠᠷᠬᠤ᠂ ᠪᠠᠷᠢᠯᠭ᠎ᠠ ᠪᠠᠷᠢᠬᠤ ᠵᠢᠴᠢ ᠡᠯ᠎ᠡ ᠲᠦᠷᠦᠯ ᠤᠨ ᠲᠥᠬᠦᠭᠡᠷᠦᠮᠵᠢ ᠮᠠᠲ᠋ᠧᠷᠢᠶᠠᠯ ᠳᠠᠭᠠᠭᠠᠴᠢᠯᠠᠯᠲᠠ ᠵᠠᠷᠯᠠᠬᠤ ᠠᠵᠢᠯ ᠢ ᠬᠠᠪᠰᠤᠷᠤᠨ ᠪᠡᠶᠡᠯᠡᠭᠦᠯᠵᠦ᠂ ᠲᠣᠣᠷ ᠲᠣᠬᠢᠷᠠᠭᠤᠯᠬᠤ ᠳᠠᠭᠠᠭᠠᠴᠢᠯᠠᠯᠲᠠ ᠣᠯᠣᠭᠰᠠᠨ ᠨᠢᠭᠡᠴᠡ ᠶᠢ ᠬᠠᠮᠢᠶᠠᠷᠴᠤ ᠰᠢᠮᠳᠠᠭᠤᠯᠵᠤ ᠪᠠᠶᠢᠭᠠᠳ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠎ ᠶᠢᠨ ᠡᠭᠦᠷᠭᠡ ᠎ ᠶᠢ ᠴᠠᠭ ᠲᠤᠬᠠᠢ ᠲᠤᠨᠢ ᠪᠡᠶᠡᠯᠡᠭᠦᠯᠬᠦ ᠬᠡᠷᠡᠭᠲᠡᠢ᠃       ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠲᠣᠭᠲᠠᠮᠠᠯ ᠬᠤᠭᠤᠴᠠᠭ᠎ᠠ ᠲᠠᠢ ᠪᠠᠷ ᠴᠠᠬᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠰᠢᠮᠳᠠᠭᠤᠯᠤᠨ ᠪᠠᠶᠢᠴᠠᠭᠠᠯᠲᠠ ᠬᠢᠵᠦ᠂ ᠱᠠᠭᠠᠷᠳᠠᠯᠭ᠎ᠠ ᠶᠣᠰᠣᠭᠠᠷ ᠪᠡᠶᠡᠯᠡᠭᠦᠯᠦᠭᠰᠡᠨ ᠦᠭᠡᠢ ᠶᠢ ᠨᠢ ᠬᠠᠷᠢᠭᠤᠴᠠᠯᠭᠠᠲᠤ ᠰᠠᠯᠠᠭ᠎ᠠ ᠮᠥᠴᠢᠷ ᠪᠣᠯᠣᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃                              ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                2023 ᠣᠨ ᠤ 4 ᠰᠠᠷ᠎ᠠ ᠶᠢᠨ 19   
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ