2023 ᠣᠨ ᠤ ︽ᠪᠡᠶ᠎ᠡ ᠶᠢᠨ ᠲᠠᠮᠢᠷ ᠤᠨ ᠬᠤᠨᠵᠢᠪᠤᠷᠢᠳᠦ ᠰᠤᠭᠤᠯᠤᠭ᠎ᠠ ᠬᠤᠨᠳᠠᠭᠠᠲᠤ︾ ᠡᠵᠡᠨ ᠬᠤᠷᠤᠭ᠎ᠠ ᠶᠢᠨ ᠥᠲᠥᠨ ᠪᠥᠮᠪᠦᠭᠡ ᠶᠢᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2023/7/2
      7 ᠳ᠋ᠤᠭᠠᠷ ᠰᠠᠷ᠎ᠠ ᠶᠢᠨ 1᠎ ᠤ ᠡᠳᠦᠷ᠂ 2023 ᠤᠨ ᠤ ︽ᠪᠡᠶ᠎ᠡ ᠶᠢᠨ ᠲᠠᠮᠢᠷ ᠤᠨ ᠬᠤᠨᠵᠢᠪᠤᠷᠢᠳᠦ ᠰᠤᠭᠤᠯᠤᠭ᠎ᠠ ᠬᠤᠨᠳᠠᠭᠠᠲᠤ︾ ᠡᠵᠡᠨ ᠬᠤᠷᠤᠭ᠎ᠠ ᠶᠢᠨ ︽ᠬᠡᠨ ᠪᠥᠮᠪᠥᠭᠡᠨ ᠸᠠᠩ ᠪᠣᠶ︾ ᠭᠡᠮᠡᠬᠦ ᠥᠲᠥᠨ ᠪᠥᠮᠪᠦᠭᠡ ᠶᠢᠨ  ᠤᠷᠤᠯᠳᠤᠭᠠᠨ ᠶᠠᠪᠤᠭᠳᠠᠪᠠ᠃      ᠨᠢᠭᠡ ᠡᠳᠦᠷ ᠬᠠᠭᠠᠰ ᠤᠨ ᠤᠷᠤᠯᠳᠤᠭᠠᠨ ᠳᠤ᠂ ᠪᠦᠬᠦ ᠬᠤᠰᠢᠭᠤᠨ ᠤ ᠡᠯ᠎ᠡ ᠠᠵᠢᠯ ᠲᠥᠷᠥᠯ ᠠᠴᠠ ᠢᠷᠡᠭᠰᠡᠨ 140 ᠭᠠᠷᠤᠶ ᠥᠳᠥᠨ ᠪᠥᠮᠪᠦᠭᠡ ᠶᠢᠨ ᠪᠠᠭ᠋ᠠᠳᠠᠳ ᠡᠷᠡᠭᠲᠡᠶ ᠶᠢᠨ ᠬᠤᠤᠰ᠂ ᠡᠮᠡᠭᠲᠡᠶ ᠶᠢᠨ ᠬᠤᠤᠰ᠂ ᠡᠷᠡᠭᠲᠡᠶ ᠡᠮᠡᠭᠲᠡᠶ ᠶᠢᠨ ᠬᠤᠤᠰ ᠤᠨ ᠲᠤᠭᠤᠶᠢᠯᠠᠩ ᠬᠤᠪᠢᠶᠠᠨ ᠰᠢᠷᠦᠭᠦᠨ ᠲᠡᠮᠡᠴᠡᠭᠡᠨ ᠶᠠᠪᠤᠭᠤᠯᠪᠠ᠃      ᠣᠶᠢᠷ᠎ᠠ ᠶᠢᠨ ᠵᠢᠯ ᠳᠤ᠂ ᠡᠵᠡᠨ ᠬᠤᠷᠤᠭ᠎ᠠ ᠬᠤᠰᠢᠭᠤ ᠪᠠᠷᠠᠭᠤᠨ ᠣᠷᠣᠨ ᠤ ᠪᠡᠶ᠎ᠡ ᠶᠢᠨ ᠲᠠᠮᠢᠷ ᠤᠨ ᠬᠦᠴᠦᠷᠬᠡᠭ ᠬᠤᠰᠢᠭᠤ ᠶᠢ ᠪᠠᠶᠢᠭᠤᠯᠬᠤ ᠪᠠᠷ ᠬᠠᠷᠠᠯᠲᠠ ᠪᠣᠯᠭᠠᠵᠤ᠂ ︽ᠪᠡᠶ᠎ᠡ ᠶᠢᠨ ᠲᠠᠮᠢᠷ ᠢ ᠡᠷᠭᠢᠯᠡᠬᠦ︾᠎ ᠠᠴᠠ ︽ᠪᠡᠶ᠎ᠡ ᠶᠢᠨ ᠲᠠᠮᠢᠷ ᠢ ᠬᠠᠮᠢᠶᠠᠷᠬᠤ︾ ᠲᠡᠶᠢᠰᠢ ᠬᠤᠪᠢᠷᠠᠭᠤᠯᠬᠤ ᠶᠢ ᠠᠮᠵᠢᠯᠲᠠ ᠲᠠᠢ ᠪᠡᠶᠡᠯᠡᠭᠦᠯᠵᠦ᠂ ᠣᠯᠠᠨ ᠲᠦᠮᠡᠨ ᠤ ᠪᠡᠶ᠎ᠡ ᠶᠢᠨ ᠲᠠᠮᠢᠷ ᠢ ᠨᠡᠶᠢᠭᠡᠮᠴᠢᠯᠡᠬᠦ᠂ ᠤᠷᠤᠯᠳᠤᠭᠠᠨ ᠤ ᠪᠡᠶ᠎ᠡ ᠶᠢᠨ ᠲᠠᠮᠢᠷ ᠢ ᠡᠷᠴᠢᠮᠵᠢᠭᠦᠯᠬᠦ᠂ ᠪᠡᠶ᠎ᠡ ᠶᠢᠨ ᠲᠠᠮᠢᠷ ᠤᠨ ᠠᠵᠤ ᠦᠢᠯᠡᠰ ᠢ ᠣᠯᠠᠨ ᠡᠰᠢᠵᠢᠭᠦᠯᠬᠦ᠂ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢᠯᠠᠬᠤ ᠠᠬᠢᠴᠠ ᠶᠢ ᠲᠦᠷᠭᠡᠳᠬᠡᠪᠡ᠃      ᠲᠣᠰ ᠤᠳᠠᠭᠠᠨ ᠤ ᠠᠵᠢᠯᠯᠠᠭ᠎ᠠ ᠶᠢ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠂ ᠠᠯᠳᠠᠨᠰᠢᠷᠡᠭᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠭᠢᠯᠡᠪᠡ᠃        
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ