ᠡᠵᠡᠨ ᠬᠤᠷᠤᠭ᠎ᠠ ᠬᠤᠰᠢᠭᠤᠨ ᠤ ᠤᠰᠤᠨ ᠡᠷᠭᠢ ᠶᠢᠨ ᠰᠢᠨ᠎ᠡ ᠬᠤᠳᠠ ᠶᠢᠨ ᠪᠡᠶ᠎ᠡ ᠶᠢᠨ ᠲᠠᠮᠢᠷ ᠤᠨ ᠴᠡᠴᠡᠷᠯᠢᠭ ᠢ ᠡᠬᠢᠯᠡᠨ ᠪᠠᠶᠢᠭᠤᠯᠪᠠ︕
ᠨᠡᠶᠢᠲᠡᠯᠡᠭᠰᠡᠨ ᠴᠠᠭ᠄
2023/7/22
      ᠣᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠤᠰᠤᠨ ᠡᠷᠭᠢ ᠶᠢᠨ ᠰᠢᠨ᠎ᠡ ᠬᠤᠲᠠ ᠶᠢᠨ ᠪᠡᠶ᠎ᠡ ᠶᠢᠨ ᠲᠠᠮᠢᠷ ᠤᠨ ᠴᠡᠴᠡᠷᠯᠢᠭ ᠢ ᠵᠢᠩᠬᠢᠨᠢ ᠪᠠᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠴᠡᠴᠡᠷᠯᠢᠭ ᠤᠨ ᠶᠡᠷᠦᠩᠬᠡᠶ ᠪᠠᠯᠠ ᠣᠷᠣᠭᠤᠯᠤᠯᠲᠠ ᠪᠠᠷᠤᠭ 3000 ᠲᠦᠮᠡᠨ ᠲᠥᠭᠦᠷᠢᠭ ᠲᠤ ᠬᠦᠷᠤᠨ᠂ ᠵᠢᠱᠢᠯᠲᠡ ᠪᠠᠷ 2024 ᠣᠨ ᠤ 11 ᠳ᠋ᠦ᠋ᠭᠡᠷ ᠰᠠᠷ᠎ᠠ ᠳᠤ ᠠᠵᠢᠯ ᠢᠶᠠᠨ ᠳᠠᠭᠤᠰᠬᠠᠬᠤ ᠪᠣᠯᠤᠨ᠎ᠠ᠃      ᠪᠡᠶ᠎ᠡ ᠶᠢᠨ ᠲᠠᠮᠢᠷ ᠤᠨ ᠴᠡᠴᠡᠷᠯᠢᠭ ᠨᠢ ᠡᠵᠡᠨ ᠬᠤᠷᠤᠭ᠎ᠠ ᠬᠤᠰᠢᠭᠤᠨ ᠤ ᠤᠰᠤᠨ ᠡᠷᠭᠢ ᠶᠢᠨ ᠰᠢᠨ᠎ᠡ ᠬᠤᠲᠠ ᠶᠢᠨ ᠵᠡᠭᠦᠨ ᠲᠣᠭᠤᠷᠢᠭ᠂ ᠱᠦᠨ ᠲᠠᠢ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ ᠬᠤᠶᠢᠲᠤ ᠲᠠᠯ᠎ᠠ ᠳᠤ ᠪᠠᠶᠢᠷᠢᠯᠠᠵᠤ᠂ ᠶᠡᠷᠦᠩᠬᠡᠶ ᠡᠵᠡᠯᠡᠬᠦ ᠲᠠᠯᠠᠪᠠᠶ ᠨᠢ 103500 ᠲᠡᠭᠰᠢ ᠳᠥᠷᠪᠡᠯᠵᠢᠨ ᠮᠧᠲᠷ ᠪᠠᠶᠢᠵᠤ᠂ ᠬᠥᠳᠡᠯᠭᠡᠭᠡᠨ ᠬᠢᠵᠦ ᠪᠡᠶ᠎ᠡ ᠴᠢᠭᠢᠷᠠᠭᠵᠢᠭᠤᠯᠬᠤ᠂ ᠪᠠᠶᠢᠭᠠᠯᠢ ᠶᠢᠨ ᠠᠮᠢ ᠠᠬᠤᠶ᠂ ᠵᠤᠭ᠎ᠠ ᠴᠡᠩᠭᠡᠬᠦᠨ ᠰᠡᠯᠡᠭᠦᠴᠡᠯ ᠤᠨ ᠴᠢᠳᠠᠮᠵᠢ ᠶᠢ ᠨᠢᠭᠡ ᠴᠤᠬᠴᠠᠵᠢᠭᠤᠯᠤᠬᠰᠠᠨ ᠦᠷᠭᠦᠯᠵᠢᠯᠡᠬᠦ ᠬᠥᠭᠵᠢᠯᠲᠡ ᠶᠢᠨ ᠴᠢᠨᠠᠷᠳᠠᠢ ᠴᠡᠴᠡᠷᠯᠢᠭ ᠤᠨ ᠣᠷᠣᠨ ᠵᠠᠶ ᠶᠢ ᠡᠬᠦᠳᠬᠦ ᠪᠤᠯᠤᠨ᠎ᠠ ᠃ ᠴᠡᠴᠡᠷᠯᠢᠭ ᠲᠤ ᠨᠠᠰᠤᠲᠠᠶᠢᠴᠤᠳ ᠤᠨ ᠠᠵᠢᠯᠯᠠᠭᠠᠨ ᠤ ᠲᠤᠰᠬᠠᠶ ᠣᠷᠣᠨ᠂ ᠶᠡᠷᠦᠩᠬᠡᠶᠢᠯᠡᠭᠰᠡᠨ ᠤᠷᠤᠯᠳᠤᠭᠠᠨ ᠤ ᠣᠷᠣᠨ᠂ ᠶᠡᠷᠦᠩᠬᠡᠶᠢᠯᠡᠭᠰᠡᠨ ᠠᠵᠢᠯᠯᠠᠭᠠᠨ ᠤ ᠣᠷᠣᠨ᠂ ᠲᠠᠯ᠎ᠠ ᠨᠤᠲᠤᠭ ᠤᠨ ᠵᠢᠵᠢᠭ ᠲᠢᠶᠠᠲᠷ᠂ PAKU ᠲᠣᠭᠯᠠᠭᠠᠮ ᠤᠨ ᠲᠠᠯᠠᠪᠤᠷ᠂ ᠤᠰᠤ ᠴᠡᠩᠭᠡᠭᠡᠨ ᠤ ᠣᠷᠣᠨ᠂ ᠶᠡᠷᠦᠩᠬᠡᠶᠢᠯᠡᠭᠰᠡᠨ ᠬᠤᠳᠠᠯᠳᠤᠭᠠᠨ ᠤ  ᠦᠢᠯᠡᠴᠢᠯᠡᠭᠡᠨ ᠤ ᠣᠷᠣᠨ ᠵᠡᠷᠭᠡ ᠲᠤᠯᠤᠭᠠᠨ ᠶᠡᠭᠡ ᠣᠷᠣᠨ ᠪᠦᠰᠡ ᠶᠢ ᠳᠣᠭᠢᠷᠠᠭᠤᠯᠬᠤ ᠶᠢᠨ ᠬᠠᠮᠲᠤ᠂ ᠲᠠᠭᠠᠯᠠᠮᠵᠢᠲᠠᠶ᠂ ᠴᠢᠨᠠᠷ ᠰᠠᠶᠢᠲᠠᠶ᠂  ᠭᠤᠶᠤ ᠰᠠᠶᠢᠬᠠᠨ ᠰᠡᠯᠡᠭᠦᠴᠡᠯ ᠤᠨ ᠬᠥᠳᠡᠯᠭᠡᠭᠡᠨ ᠤ ᠣᠷᠣᠨ ᠵᠠᠶ ᠶᠢ ᠪᠣᠶ  ᠪᠤᠯᠭᠠᠨ ᠂ ᠴᠡᠴᠡᠷᠯᠢᠭ ᠤᠨ ᠠᠮᠢᠵᠢᠷᠠᠯ ᠤᠨ ᠬᠦᠴᠦᠨ ᠢ ᠬᠦᠭᠵᠢᠭᠡᠬᠦ ᠪᠤᠯᠤᠨ᠎ᠠ᠃      ᠪᠡᠶ᠎ᠡ ᠶᠢᠨ ᠲᠠᠮᠢᠷ ᠤᠨ ᠴᠡᠴᠡᠷᠯᠢᠭ ᠨᠢ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠤᠤᠯ ᠤᠨ ᠣᠷᠴᠢᠨ ᠲᠣᠭᠤᠷᠢᠨ ᠢᠶᠠᠷ ᠰᠠᠭᠤᠷᠢ ᠪᠤᠯᠭᠠᠨ᠂ ᠵᠢᠷᠤᠭ ᠲᠥᠯᠥᠪᠯᠡᠭᠡ ᠬᠢᠬᠦ ᠪᠠ ᠪᠠᠶᠢᠭᠠᠯᠢ ᠶᠢᠨ ᠬᠠᠮᠤᠭ ᠤᠨ ᠰᠠᠶᠢᠨ ᠲᠡᠩᠴᠡᠭᠦᠷᠢ ᠶᠢᠨ ᠴᠡᠭ ᠢ ᠡᠷᠢᠨ ᠣᠯᠵᠤ᠂ ᠬᠥᠳᠡᠯᠭᠡᠭᠡᠨ ᠤ ᠴᠢᠳᠠᠮᠵᠢ ᠶᠢ ᠪᠠᠶᠠᠯᠢᠭᠵᠢᠭᠤᠯᠤᠨ᠂ ᠨᠢᠭᠡ ᠴᠠᠭᠠᠷᠢᠭ᠂ ᠨᠢᠭᠡ ᠠᠭᠤᠯᠠ᠂ ᠨᠢᠭᠡ ᠬᠥᠨᠳᠡᠶ᠂ ᠨᠢᠭᠡ ᠤᠰᠤ᠂ ᠣᠯᠠᠨ ᠲᠠᠯᠠᠪᠤᠷ ᠲᠠᠢ ᠠᠭᠤᠯᠠ ᠤᠰᠤᠨ ᠤ ᠪᠣᠰᠤᠭ᠎ᠠ ᠴᠣᠭᠴᠠᠲᠤ ᠪᠡᠶ᠎ᠡ ᠶᠢᠨ ᠲᠠᠮᠢᠷ ᠤᠨ ᠴᠡᠴᠡᠷᠯᠢᠭ ᠢ ᠴᠣᠭᠴᠠᠯᠠᠵᠤ᠂ ᠪᠥᠬᠦ ᠤᠯᠠᠷᠢᠯ᠂ ᠪᠥᠬᠦ ᠡᠳᠦᠷ᠂ ᠣᠯᠠᠨ ᠲᠥᠷᠥᠯ ᠬᠡᠯᠪᠡᠷᠢ᠂ ᠪᠥᠬᠦ ᠬᠦᠷᠢᠶ᠎ᠡ ᠴᠠᠷᠠᠭ᠎ᠠ᠂ ᠪᠦᠬᠦᠨ ᠢ ᠬᠠᠮᠤᠷᠤᠭᠰᠠᠨ ᠬᠤᠲᠠ ᠶᠢᠨ ᠪᠡᠶ᠎ᠡ ᠶᠢᠨ ᠲᠠᠮᠢᠷ ᠤᠨ ᠴᠡᠴᠡᠷᠯᠢᠭ ᠤᠨ ᠰᠢᠰᠲ᠋ᠧᠮᠵᠢ ᠶᠢ ᠪᠠᠶᠢᠭᠤᠯᠤᠨ᠎ᠠ᠃      ᠪᠡᠶ᠎ᠡ ᠶᠢᠨ ᠲᠠᠮᠢᠷ ᠤᠨ ᠴᠡᠴᠡᠷᠯᠢᠭ ᠲᠤ ᠬᠥᠯ ᠪᠥᠮᠪᠦᠭᠡ ᠶᠢᠨ ᠲᠠᠯᠠᠪᠠᠶ᠂ ᠰᠠᠭᠰᠤᠨ ᠪᠥᠮᠪᠦᠭᠡ ᠶᠢᠨ ᠲᠠᠯᠠᠪᠠᠶ᠂ ᠫᠢᠩᠫᠠᠩ ᠪᠥᠮᠪᠦᠭᠡ ᠶᠢᠨ ᠲᠠᠯᠠᠪᠠᠶ᠂ ᠥᠲᠥᠨ ᠪᠥᠮᠪᠦᠭᠡ ᠶᠢᠨ ᠲᠠᠯᠠᠪᠠᠶ᠂ ᠠᠯᠠᠭᠠᠳᠠᠬᠤ ᠪᠥᠮᠪᠦᠭᠡ ᠶᠢᠨ ᠲᠠᠯᠠᠪᠠᠶ᠂ ᠲᠤᠤᠷ ᠪᠥᠮᠪᠦᠭᠡ ᠶᠢᠨ ᠲᠠᠯᠠᠪᠠᠶ᠂ ᠡᠭᠦᠳᠡᠨ ᠪᠥᠮᠪᠦᠭᠡ ᠶᠢᠨ ᠲᠠᠯᠠᠪᠠᠶ᠂ ᠪᠡᠶ᠎ᠡ ᠴᠢᠭᠢᠷᠠᠭᠵᠢᠭᠤᠯᠬᠤ ᠠᠭᠤᠳᠠᠮ ᠲᠠᠯᠠᠪᠠᠶ᠂ ᠬᠡᠦᠬᠡᠳ ᠤᠨ ᠴᠡᠩᠭᠡᠯ ᠤᠨ ᠬᠦᠷᠢᠶᠡᠯᠡᠩ᠂ ᠡᠪᠦᠯ ᠤᠨ ᠤᠯᠠᠷᠢᠯ ᠤᠨ ᠮᠥᠰᠥ ᠲᠡᠰᠢᠬᠦ ᠲᠠᠯᠠᠪᠠᠶ ᠵᠢᠴᠢ ᠪᠤᠰᠤᠳ ᠳᠠᠭᠠᠯᠲᠠ ᠲᠤᠨᠤᠭ ᠲᠦᠬᠦᠬᠡᠷᠦᠮᠵᠢ ᠶᠢ ᠲᠤᠬᠢᠷᠠᠭᠤᠯᠵᠦ᠂ ᠡᠭᠦᠨ ᠤ ᠬᠠᠮᠲᠤ ᠲᠠᠯᠠᠪᠤᠷ ᠤᠨ ᠣᠨᠴᠠᠯᠢᠭ ᠲᠠᠢ ᠤᠶᠠᠯᠳᠤᠭᠤᠯᠤᠨ᠂ ᠣᠶᠤᠨᠯᠢᠭ ᠠᠮᠢᠵᠢᠷᠠᠯ ᠤᠨ ᠬᠦᠴᠦᠨ ᠲᠠᠢ ᠪᠡᠶ᠎ᠡ ᠴᠢᠭᠢᠷᠠᠭᠵᠢᠭᠤᠯᠬᠤ ᠴᠠᠭᠠᠷᠢᠭ ᠵᠠᠮ ᠢ ᠴᠣᠭᠴᠠᠯᠠᠵᠤ᠂ AI ᠤᠶᠤᠨᠲᠤ ᠪᠡᠶ᠎ᠡ ᠶᠢᠨ ᠲᠠᠮᠢᠷ ᠤᠨ ᠲᠠᠯᠠᠪᠤᠷ ᠢ  ᠪᠠᠶᠢᠭᠤᠯᠤᠨ᠂ ᠣᠯᠠᠨ ᠵᠦᠢᠯ ᠤᠨ ᠣᠶᠤᠨᠯᠢᠭ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠣᠷᠣᠨ ᠵᠠᠶ ᠶᠢ  ᠪᠠᠶᠢᠭᠤᠯᠬᠤ ᠪᠠᠷ ᠪᠤᠢ᠃                                   
ᠢᠷᠡᠯᠲᠡ᠄ ᠤᠰᠤᠨ ᠡᠷᠬᠢ ᠶᠢᠨ ᠰᠢᠨ᠎ᠡ ᠬᠤᠳᠠ