ᠮᠠᠨ ᠤ ᠬᠤᠰᠢᠭᠤᠨ ᠤ ︽ᠰᠥᠨᠢ ᠶᠢᠨ ᠵᠠᠬ᠎ᠠ ᠳᠤ ᠠᠵᠢᠯᠲᠠᠨ ᠡᠯᠰᠡᠬᠦ︾ ᠠᠵᠢᠯᠯᠠᠭ᠎ᠠ ᠬᠥᠷ ᠬᠥᠭᠵᠢᠶᠡᠨᠲᠡᠶ ᠶᠠᠪᠤᠭᠳᠠᠪᠠ
ᠨᠡᠶᠢᠲᠡᠯᠡᠭᠰᠡᠨ ᠴᠠᠭ᠄
2023/7/23
      7 ᠳ᠋ᠤᠭᠠᠷ ᠰᠠᠷ᠎ᠠ ᠶᠢᠨ 22᠎ ᠤᠨ ᠡᠳᠦᠷ ᠤᠨ ᠤᠷᠤᠢ᠂ ᠮᠠᠨ ᠤ ᠬᠤᠰᠢᠭᠤᠨ ᠤ  ᠤᠰᠤᠨ ᠡᠷᠬᠢ ᠶᠢᠨ ᠰᠢᠨ᠎ᠡ ᠬᠤᠲᠠ ᠶᠢᠨ ᠲᠥᠪ ᠴᠡᠴᠡᠷᠯᠢᠭ ᠲᠤ᠂ ᠣᠷᠳᠣᠰ ᠬᠤᠲᠠ ᠶᠢᠨ 2023 ᠣᠨ ᠤ ︽ᠵᠣᠨ ᠤ ᠤᠯᠠᠷᠢᠯ ᠤᠨ ᠰᠥᠨᠢ ᠶᠢᠨ ᠵᠠᠬ᠎ᠠ ᠳᠤ ᠠᠵᠢᠯᠲᠠᠨ ᠡᠯᠰᠡᠬᠦ︾ ᠰᠢᠷᠢᠰ ᠠᠵᠢᠯᠯᠠᠭ᠎ᠠ ᠶᠢᠨ ᠡᠵᠡᠨ ᠬᠤᠷᠤᠭ᠎ᠠ ᠬᠤᠰᠢᠭᠤᠨ ᠤ ᠲᠤᠰᠬᠠᠶ ᠲᠠᠯᠠᠪᠤᠷ ᠤᠨ ᠠᠵᠢᠯᠲᠠᠨ ᠡᠯᠰᠡᠬᠦ ᠠᠵᠢᠯᠯᠠᠭ᠎ᠠ ᠡᠬᠢᠯᠡᠪᠡ᠃      ᠤᠯᠠᠮᠵᠢᠯᠠᠯᠲᠤ ᠠᠵᠢᠯᠲᠠᠨ ᠡᠯᠰᠡᠬᠦ ᠴᠤᠭᠯᠠᠭᠠᠨ ᠲᠠᠢ ᠠᠳᠠᠯᠢ ᠥᠬᠡᠶ ᠨᠢ ᠭᠡᠪᠡᠯ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠴᠡᠴᠡᠷᠯᠢᠭ ᠲᠤ ᠪᠠᠶᠢᠷᠢᠯᠠᠭᠤᠯᠵᠤ᠂ ᠡᠳᠦᠷ ᠢᠶᠠᠷ ᠬᠢ ᠠᠭᠠᠭᠢᠮ᠎ᠠ ᠬᠠᠯᠠᠭᠤᠨ ᠴᠠᠭ ᠠᠭᠤᠷ ᠪᠠ ᠶᠠᠭᠠᠷᠠᠯᠲᠠᠶ ᠴᠠᠭ ᠠᠴᠠ ᠵᠠᠶᠢᠯᠠᠰᠬᠢᠵᠦ᠂ ᠵᠠᠯᠠᠭᠤᠴᠤᠳ ᠤᠨ ᠦᠵᠡᠵᠦ ᠰᠣᠨᠢᠷᠬᠠᠬᠤ ᠳᠤᠷᠠᠲᠠᠶ ᠰᠥᠨᠢ ᠶᠢᠨ ᠠᠮᠢᠳᠤᠷᠠᠯ ᠤᠨ ᠣᠷᠴᠢᠨ ᠨᠥᠬᠦᠴᠡᠯ ᠢ ᠠᠵᠢᠯ ᠡᠷᠢᠵᠦ ᠠᠵᠢᠯᠲᠠᠨ ᠡᠯᠰᠡᠬᠦ ᠦᠢᠯᠡᠴᠢᠯᠡᠭᠡ ᠲᠠᠢ ᠠᠭᠤᠰᠤᠯᠴᠠᠭᠤᠯᠵᠤ᠂ ᠰᠡᠷᠢᠭᠦᠴᠡᠬᠦ ᠭᠠᠵᠠᠷ ᠢ ᠴᠢᠳᠠᠪᠤᠷᠢᠲᠠᠨ ᠡᠯᠰᠡᠬᠦ ᠲᠠᠯᠠᠪᠤᠷ ᠪᠣᠯᠭᠠᠨ ᠬᠤᠪᠢᠷᠠᠭᠤᠯᠵᠤ᠂ ᠠᠵᠢᠯᠲᠠᠨ ᠡᠯᠰᠡᠬᠦ ᠠᠵᠤ ᠠᠬᠤᠶᠢᠯᠠᠯ ᠢ ︽ᠳᠡᠯᠭᠡᠨ ᠦᠵᠡᠭᠦᠯᠵᠦ︾᠂ ᠠᠵᠢᠯ ᠡᠷᠢᠭ᠍ᠰᠡᠳ ᠢ ︽ᠵᠡᠭᠡᠯᠢ ᠲᠣᠭᠤᠷᠢᠭᠤᠯᠤᠨ︾ ᠠᠵᠢᠯ ᠰᠣᠩᠭᠤᠭᠤᠯᠵᠤ᠂ ᠠᠵᠢᠯ ᠣᠯᠭᠤᠯᠲᠠ ᠶᠢᠨ ᠦᠢᠯᠡᠴᠢᠯᠡᠭᠡ ᠳᠤ ᠬᠥᠮᠦᠰ ᠤᠨ ᠰᠡᠳᠬᠢᠯ ᠢ ᠨᠢᠭᠲᠠᠷᠠᠭᠤᠯᠵᠠᠶ᠃ ᠬᠤᠭᠤᠯᠠᠨ ᠤ ᠨᠥᠬᠦᠪᠥᠷᠢ᠂ ᠵᠠᠮ ᠬᠠᠷᠢᠯᠴᠠᠭᠠᠨ ᠤ ᠨᠥᠬᠦᠪᠥᠷᠢ᠂ ᠴᠠᠭ ᠨᠡᠮᠡᠵᠦ ᠠᠵᠢᠯᠯᠠᠭᠰᠠᠨ ᠨᠥᠬᠦᠪᠥᠷᠢ᠂ ᠴᠠᠯᠢᠩ ᠲᠠᠢ ᠵᠢᠯ ᠤᠨ ᠠᠮᠠᠷᠠᠯᠲᠠ᠂ ︽ᠲᠠᠪᠤᠨ ᠳᠠᠭᠠᠳᠬᠠᠯ ᠨᠢᠭᠡ ᠮᠥᠩᠭᠦ︾  ᠵᠡᠷᠭᠡ ᠶᠢ ᠪᠠᠭᠳᠠᠭᠠᠭᠰᠠᠨ ᠠᠵᠢᠯᠲᠠᠨ ᠡᠯᠰᠡᠬᠦ ᠲᠤᠬᠠᠶ ᠶᠢᠨ ᠲᠠᠯᠠᠪᠠᠶ ᠳᠤ᠂ ᠠᠵᠤ ᠠᠬᠤᠶᠢᠯᠠᠯ ᠨᠢ ᠠᠬᠤᠶ ᠪᠠᠶᠢᠳᠠᠯ ᠤᠨ ᠰᠠᠮᠪᠠᠷ᠎ᠠ ᠳᠡᠭᠡᠷ᠎ᠡ ᠣᠯᠠᠨ ᠶᠠᠩᠵᠤ ᠬᠡᠯᠪᠡᠷᠢ ᠶᠢᠨ ᠠᠵᠢᠯ ᠣᠯᠭᠤᠯᠲᠠ ᠶᠢᠨ ᠨᠥᠬᠦᠪᠥᠷᠢ ᠶᠢᠨ ᠲᠣᠭᠲᠠᠴᠠ ᠶᠢ ᠳᠡᠯᠭᠡᠨ ᠦᠵᠡᠭᠦᠯᠵᠦ᠂ ᠮᠠᠰᠢ ᠣᠯᠠᠨ ᠠᠵᠢᠯ ᠡᠷᠢᠭ᠍ᠰᠡᠳ ᠢ ᠰᠡᠳᠬᠢᠯ ᠳᠣᠭᠳᠣᠯᠤᠭᠤᠯᠪᠠ᠃ ᠴᠥᠭᠡᠨ ᠪᠤᠰᠤ ᠠᠵᠤ ᠠᠬᠤᠶᠢᠯᠠᠯ ᠤᠨ ᠠᠵᠢᠯᠲᠠᠨ ᠡᠯᠰᠡᠬᠦ  ᠭᠠᠵᠠᠷ ᠤᠨ ᠡᠮᠦᠨ᠎ᠡ ᠬᠥᠮᠦᠨ ᠳᠦᠭᠦᠷᠴᠦ᠂ ᠣᠯᠠᠨ ᠢᠶᠠᠷ ᠢᠶᠠᠨ ᠮᠠᠲ᠋ᠧᠷᠢᠶᠠᠯ ᠦᠵᠡᠵᠦ᠂ ᠪᠠᠶᠢᠳᠠᠯ ᠢ ᠠᠰᠠᠭᠤᠨ᠂ ᠲᠣᠪᠴᠢ ᠨᠠᠮᠲᠠᠷ ᠢᠶᠠᠨ ᠲᠠᠭᠯᠠᠵᠤ᠂ ᠲᠣᠬᠢᠷᠠᠮᠵᠢᠲᠠᠶ ᠠᠵᠢᠯ ᠤᠨ ᠪᠠᠶᠢᠷᠢ ᠡᠷᠢᠵᠦ᠂ ᠮᠠᠰᠢ ᠬᠥᠷ ᠬᠥᠭᠵᠢᠶᠡᠨ ᠲᠠᠢ ᠪᠠᠶᠢᠪᠠ᠃      ᠠᠵᠢᠯ ᠡᠷᠢᠭᠴᠢ ᠭᠦᠩ ᠱᠢ ᠵᠢᠶᠧ ᠰᠤᠷᠪᠤᠯᠵᠢᠯᠠᠭᠴᠢ ᠳᠤ᠄ ︽ᠵᠠᠰᠠᠭ ᠤᠨ ᠣᠷᠳᠣᠨ ᠠᠴᠠ ᠶᠡᠭᠡ ᠰᠤᠷᠭᠠᠭᠤᠯᠢ ᠲᠡᠭᠦᠰᠦᠭᠰᠡᠨ ᠤᠶᠤᠳᠠᠳ ᠢ ᠶᠡᠭᠡ ᠪᠤᠳᠤᠯᠬᠢᠯᠠᠵᠤ ᠪᠠᠶᠢᠨ᠎ᠠ᠂ ᠵᠡᠭᠡᠯᠢ ᠲᠤᠭᠤᠷᠢᠵᠤ ᠪᠠᠶᠢᠭᠠᠳ ᠪᠠᠰᠠ ᠠᠵᠢᠯᠲᠠᠨ ᠡᠯᠰᠡᠬᠦ ᠬᠤᠷᠠᠯ ᠲᠠᠢ ᠤᠴᠠᠷᠠᠨ᠎ᠠ ᠭᠡᠵᠦ ᠪᠣᠳᠣᠵᠤ ᠣᠯᠤᠭᠰᠠᠨ ᠦᠭᠡᠢ᠃  ᠡᠶᠢᠮᠦᠷᠬᠦ ᠠᠵᠢᠯᠲᠠᠨ ᠡᠯᠰᠡᠬᠦ ᠠᠷᠭ᠎ᠠ ᠬᠡᠯᠪᠡᠷᠢ ᠨᠢ  ᠶᠡᠭᠡ ᠰᠠᠶᠢᠨ ᠪᠠᠶᠢᠨ᠎ᠠ᠂ ᠨᠢᠭᠡ ᠯᠡ ᠤᠳᠠᠭ᠎ᠠ ᠳᠤ ᠣᠯᠠᠨ ᠺᠣᠮᠫᠠᠨᠢ ᠲᠠᠢ ᠬᠠᠷᠢᠯᠴᠠᠵᠤ ᠳᠡᠶᠢᠯᠬᠦ ᠪᠠᠷ ᠪᠠᠷᠠᠬᠤ ᠥᠬᠡᠶ ᠪᠠᠰᠠ ᠲᠤᠬᠠᠶ ᠶᠢᠨ ᠲᠠᠯᠠᠪᠤᠷ ᠲᠤ ᠠᠯᠢ ᠤᠯᠠᠨ ᠠᠰᠠᠭᠤᠯᠳᠠ ᠳᠤ ᠬᠠᠷᠢᠭᠤᠯᠳᠠ ᠦᠭᠴᠦ᠂ ᠬᠠᠷᠢᠯᠴᠠᠬᠤ ᠠᠷᠭ᠎ᠠ ᠬᠡᠯᠪᠡᠷᠢ ᠪᠠᠨ ᠰᠤᠯᠢᠯᠴᠠᠨ᠂ ᠴᠠᠭ ᠳᠤ ᠶᠡᠭᠡ ᠠᠷᠪᠢᠳᠠᠢ ᠪᠠᠶᠢᠨ᠎ᠠ︾  ᠭᠡᠮᠡᠨ ᠪᠠᠶᠠᠷᠳᠠᠶᠢᠬᠠᠨ ᠶᠠᠷᠢᠵᠤ ᠪᠠᠶᠢᠯ᠎ᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠳᠤ ᠨᠡᠶᠢᠲᠡ 30 ᠭᠠᠷᠤᠶ ᠬᠥᠮᠦᠨ ᠬᠡᠷᠡᠭᠯᠡᠬᠦ ᠨᠢᠭᠡᠴᠢ ᠲᠤᠬᠠᠶ ᠶᠢᠨ ᠲᠠᠯᠠᠪᠠᠶ ᠳᠤ ᠢᠷᠡᠵᠦ᠂ 4800 ᠭᠠᠷᠤᠶ ᠠᠵᠢᠯ ᠤᠨ ᠪᠠᠶᠢᠷᠢ ᠬᠠᠩᠭᠠᠪᠠ᠃ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠᠨ ᠠᠴᠠ ᠬᠠᠯᠠᠭᠳᠠᠭᠰᠠᠳ᠂ ᠳᠠᠩᠰᠠᠯᠠᠭᠤᠯᠤᠭᠰᠠᠨ ᠠᠵᠢᠯ ᠠᠯᠳᠠᠭᠰᠠᠳ᠂ ᠬᠥᠳᠡᠯᠮᠦᠷᠢᠯᠡᠬᠦ ᠴᠢᠳᠠᠪᠤᠷᠢ ᠵᠢᠴᠢ ᠠᠵᠢᠯ ᠣᠯᠬᠤ ᠬᠦᠰᠡᠯ ᠲᠠᠢ ᠵᠡᠮᠳᠡᠭᠴᠦᠳ ᠪᠣᠯᠤᠨ ᠶᠠᠳᠠᠭᠤ ᠠᠴᠠ ᠠᠩᠭᠢᠵᠢᠷᠠᠭᠰᠠᠨ ᠬᠥᠮᠦᠰ ᠴᠥᠮ ᠠᠵᠢᠯ ᠤᠯᠬᠤ ᠳᠤ ᠣᠷᠣᠯᠴᠠᠵᠤ ᠪᠣᠯᠤᠨ᠎ᠠ᠃ ᠬᠥᠮᠦᠨ ᠬᠡᠷᠡᠭᠯᠡᠬᠦ ᠨᠢᠭᠡᠴᠢ ᠳᠤ ᠣᠷᠳᠣᠰ ᠬᠤᠲᠠ ᠶᠢᠨ ᠯᠦᠩ ᠵᠢᠶ ᠬᠡᠷᠡᠯ ᠴᠡᠨᠡᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠯᠦᠩ ᠵᠢᠶ ᠴᠠᠬᠢᠭᠤᠷ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠤᠸᠠ ᠵᠢᠩ ᠰᠢᠨ᠎ᠡ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠬᠤᠶ ᠵᠥᠩ ᠣᠲᠣ ᠦᠶ᠎ᠡ ᠶᠢᠨ ᠦᠢᠯᠡᠴᠢᠯᠡᠬᠡᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠤᠶ ᠨᠧᠩ ᠨᠡᠭᠦᠷᠡᠰᠦ ᠬᠢᠮᠢ ᠶᠢᠨ ᠠᠵᠤ  ᠦᠢᠯᠡᠳᠪᠤᠷᠢ ᠶᠢᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠪᠠᠭᠲᠠᠨ᠎ᠠ᠃       ᠰᠦᠯᠵᠢᠶᠡᠨ ᠭᠠᠳᠠᠨ᠎ᠠ ᠠᠵᠢᠯᠲᠠᠨ ᠡᠯᠰᠡᠬᠦ ᠠᠴᠠ ᠭᠠᠳᠠᠨ᠎ᠠ᠂ ᠲᠤᠬᠠᠶ ᠶᠢᠨ ᠲᠠᠯᠠᠪᠤᠷ ᠲᠤ ᠪᠠᠰᠠ ᠰᠢᠭᠤᠳ ᠨᠡᠪᠲᠡᠷᠡᠭᠦᠯᠬᠦ ᠲᠠᠪᠴᠠᠩ ᠭᠠᠷᠭᠠᠵᠤ᠂ ᠠᠵᠢᠯᠲᠠᠨ ᠡᠯᠰᠡᠬᠦ ᠬᠤᠷᠠᠯ ᠤᠨ ᠠᠬᠤᠶ ᠲᠠᠯᠠᠪᠠᠶ ᠵᠢᠴᠢ ᠠᠵᠤ ᠠᠬᠤᠶᠢᠯᠠᠯ ᠤᠨ ᠠᠵᠢᠯᠲᠠᠨ ᠡᠯᠰᠡᠬᠦ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠬᠡᠯᠪᠡᠷᠢ ᠪᠠᠷ ᠳᠡᠯᠭᠡᠨ ᠦᠵᠡᠭᠦᠯᠵᠦ᠂ ᠠᠵᠢᠯ ᠡᠷᠢᠭ᠍ᠰᠡᠳ ᠪᠣᠯᠤᠨ ᠬᠥᠮᠦᠨ ᠬᠡᠷᠡᠭᠯᠡᠬᠦ ᠨᠢᠭᠡᠴᠢ ᠬᠤᠶᠠᠷ ᠲᠠᠯ᠎ᠠ ᠪᠠᠷ ᠢᠶᠠᠨ ᠰᠦᠯᠵᠢᠶᠡᠨ ᠳᠡᠭᠡᠷ᠎ᠡ ᠴᠠᠭ ᠲᠤᠬᠠᠶ ᠳᠤᠨᠢ ᠰᠠᠨᠠᠯ ᠢᠶᠠᠨ ᠰᠣᠯᠢᠯᠴᠠᠵᠤ ᠪᠣᠯᠤᠨ᠎ᠠ᠃ ᠪᠦᠷᠢᠳᠬᠡᠯ ᠢ ᠦᠨᠳᠦᠰᠦᠯᠡᠪᠡᠯ᠂ ᠲᠣᠰ ᠣᠷᠣᠶ ᠰᠢᠭᠤᠳ ᠨᠡᠪᠲᠡᠷᠡᠭᠦᠯᠭᠡ ᠎ ᠳᠤ ᠤᠷᠤᠯᠴᠠᠭᠰᠠᠨ  ᠬᠥᠮᠦᠨ ᠤ ᠲᠤᠭ᠎ᠠ 1 . 4  ᠲᠦᠮᠡ ᠳᠤ ᠬᠦᠷᠴᠤ᠂ ᠲᠤᠬᠠᠢ ᠶᠢᠨ ᠲᠠᠯᠠᠪᠤᠷ ᠲᠤ ᠠᠵᠢᠯ ᠡᠷᠢᠭ᠍ᠰᠡᠳ ᠪᠣᠯᠤᠨ ᠬᠥᠮᠦᠨ ᠬᠡᠷᠡᠭᠯᠡᠬᠦ ᠨᠢᠭᠡᠴᠢ ᠶᠢᠨ 200 ᠭᠠᠷᠤᠢ ᠬᠥᠮᠦᠨ ᠤᠳᠠᠭ᠎ᠠ ᠠᠵᠢᠯ ᠤᠯᠬᠤ ᠪᠠᠷ ᠲᠤᠬᠢᠷᠠᠯᠴᠠᠪᠠ᠃   
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ