| ᠲᠣᠮᠳᠠᠳᠤ ᠶᠢᠨ ᠦᠨᠳᠦᠰᠦᠲᠠᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠵᠤ᠂ ᠪᠥᠬᠦ ᠲᠠᠯ᠎ᠠ ᠪᠠᠷ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ | ᠢ ᠪᠠᠶᠢᠭᠤᠯᠬᠤ ᠭᠤᠣᠯ ᠰᠡᠳᠦᠪᠲᠦ ︽ᠲᠠᠯ᠎ᠠ ᠨᠣᠲᠤᠭ ᠲᠤ ᠪᠠᠨ ᠪᠤᠯᠵᠤᠨ᠂ ᠦᠯᠦᠭᠡᠢ ᠨᠤᠳᠤᠭ ᠢᠶᠠᠨ ᠪᠠᠭ᠋ᠠᠷᠬᠠᠬᠤ︾ ᠡᠵᠡᠨ ᠬᠤᠷᠤᠭ᠎ᠠ ᠪᠠᠯᠭᠠᠰᠤᠨ ᠤ ᠠᠷᠪᠠᠨ | ᠲᠠᠪᠣᠳᠣᠭᠠᠷ ᠬᠤᠭᠤᠴᠠᠭᠠᠨ ᠤ ᠤᠯᠠᠮᠵᠢᠯᠠᠯᠲᠤ ᠨᠠᠭᠠᠳᠣᠮ ᠤᠨ ᠶᠡᠭᠡ ᠬᠤᠷᠠᠯ 7 ᠳ᠋ᠤᠭᠠᠷ ᠰᠠᠷ᠎ᠠ ᠶᠢᠨ 22 ᠤ ᠦᠳᠡᠰᠢ ᠡᠵᠡᠨ ᠬᠤᠷᠤᠭ᠎ᠠ ᠪᠠᠯᠭᠠᠰᠤᠨ ᠤ | ᠨᠠᠭᠠᠳᠣᠮ ᠤᠨ ᠬᠤᠷᠠᠯ ᠤᠨ ᠲᠠᠯᠠᠪᠣᠷ ᠲᠤ ᠲᠡᠯᠭᠡᠷ ᠰᠠᠶᠢᠬᠠᠨ ᠡᠬᠢᠯᠡᠵᠡᠢ᠃ | ᠣᠶᠢᠯᠠᠭᠠᠭᠰᠠᠨ ᠢᠶᠠᠷ᠂ ᠡᠨᠡ ᠵᠢᠯ ᠤᠨ ᠡᠵᠡᠨ ᠬᠤᠷᠤᠭ᠎ᠠ ᠪᠠᠯᠭᠠᠰᠤᠨ ᠤ ︽ᠲᠠᠯ᠎ᠠ ᠨᠣᠲᠤᠭ ᠲᠤ ᠪᠠᠨ ᠪᠤᠯᠵᠤᠨ᠂ ᠦᠯᠦᠭᠡᠢ ᠨᠤᠳᠤᠭ ᠢᠶᠠᠨ ᠪᠠᠭ᠋ᠠᠷᠬᠠᠬᠤ︾ | ᠠᠷᠪᠠᠨ ᠲᠠᠪᠣᠳᠣᠭᠠᠷ ᠬᠤᠭᠤᠴᠠᠭᠠᠨ ᠤ ᠤᠠᠯᠮᠵᠢᠯᠠᠯᠲᠤ ᠨᠠᠭᠠᠳᠣᠮ 7 ᠳ᠋ᠤᠭᠠᠷ ᠰᠠᠷ᠎ᠠ ᠶᠢᠨ 22 ᠤ ᠡᠳᠦᠷ ᠠᠴᠠ 30 ᠤ ᠡᠳᠦᠷ ᠪᠣᠯᠲᠠᠯ᠎ᠠ ᠶᠠᠪᠣᠭᠳᠠᠵᠤ᠂ | ᠨᠠᠭᠠᠳᠣᠮ ᠤᠨ ᠬᠤᠭᠤᠴᠠᠭᠠᠨ ᠳᠤ ︽ᠡᠷ᠎ᠡ ᠶᠢᠨ ᠭᠤᠷᠪᠠᠨ ᠨᠠᠭᠠᠳᠣᠮ︾ ᠢ ᠪᠠᠭᠲᠠᠭᠠᠭᠰᠠᠨ ᠤᠯᠠᠮᠵᠢᠯᠠᠯᠲᠤ ᠪᠡᠶ᠎ᠡ ᠲᠠᠮᠢᠷ ᠤᠨ ᠬᠦᠳᠡᠯᠭᠡᠭᠡᠨ ᠢ ᠶᠠᠪᠣᠭᠳᠠᠭᠤᠯᠬᠤ | ᠪᠦᠭᠡᠳ ᠠᠷᠠᠳ ᠤᠨ ᠲᠠᠭᠤᠤ᠂ ᠠᠷᠠᠳ ᠤᠨ ᠨᠠᠶᠢᠷ᠂ ᠠᠷᠠᠳ ᠤᠨ ᠪᠦᠵᠢᠭ ᠤᠨ ᠣᠷᠣᠯᠳᠣᠭᠠᠨ ᠵᠡᠷᠭᠡ ᠶᠢ ᠦᠳᠡᠰᠢ ᠪᠣᠯᠭᠠᠨ ᠶᠠᠪᠣᠭᠳᠠᠭᠤᠯᠵᠤ ᠨᠠᠭᠠᠳᠣᠮᠴᠢᠨ | ᠲᠦᠮᠡᠨ ᠢᠶᠠᠨ ᠪᠠᠶᠠᠰᠬᠠᠬᠤ ᠪᠣᠯᠣᠨ᠎ᠠ᠃ ᠡᠭᠦᠨ ᠠᠴᠠ ᠭᠠᠳᠠᠨ᠎ᠠ᠂ ᠮᠠᠯᠴᠢᠨ ᠲᠠᠷᠢᠶᠠᠴᠢᠳ ᠤᠨ ᠬᠦᠨᠳᠦ ᠬᠦᠩᠭᠡᠨ ᠪᠡᠶ᠎ᠡ ᠲᠠᠮᠢᠷ ᠤᠨ ᠣᠷᠣᠯᠳᠣᠭᠠᠨ ᠢ ᠪᠠᠰᠠ | ᠵᠣᠬᠢᠶᠠᠨ ᠪᠠᠶᠢᠭᠤᠯᠵᠤ ᠲᠡᠯᠭᠡᠷ ᠵᠣᠨ ᠤ ᠰᠠᠶᠢᠬᠠᠨ ᠴᠠᠭ ᠢᠶᠠᠷ ᠮᠠᠯᠴᠢᠨ ᠲᠦᠮᠡᠨ ᠢᠶᠠᠨ ᠪᠠᠶᠠᠰᠬᠠᠨ ᠡᠵᠡᠨ ᠬᠤᠷᠤᠭ᠎ᠠ ᠪᠠᠯᠭᠠᠰᠤᠨ ᠤ ᠰᠣᠶᠣᠯ ᠵᠤᠭᠠᠴᠠᠯ ᠤᠨ ᠦᠢᠯᠡᠰ ᠢ | ᠲᠠᠶᠢᠴᠢᠯᠠᠵᠤ᠂ ᠬᠦᠳᠡᠭᠡ ᠣᠷᠣᠨ ᠨᠣᠲᠤᠭ ᠤᠨ ᠰᠣᠶᠣᠯ ᠵᠤᠭᠠᠴᠠᠯ ᠢ ᠬᠥᠭᠵᠢᠶᠡᠨ ᠲᠠᠢ ᠪᠣᠯᠭᠠᠨ ᠬᠦᠳᠡᠭᠡ ᠲᠣᠰᠬᠤᠨ ᠤ ᠬᠥᠭᠵᠢᠨ ᠮᠠᠨᠳᠣᠯᠲᠠ ᠶᠢ ᠠᠬᠢᠭᠤᠯᠬᠤ ᠳᠤ | ᠴᠢᠬᠤᠯᠠ ᠦᠢᠯᠡᠳᠦᠯ ᠦᠵᠡᠭᠦᠯᠬᠦ ᠪᠣᠯᠣᠨ᠎ᠠ᠃ |