ᠣᠷᠳᠣᠰ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠰᠢᠷᠢᠰ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2023/7/23
      7 ᠳ᠋ᠤᠭᠠᠷ ᠰᠠᠷ᠎ᠠ ᠶᠢᠨ 22᠎ ᠤᠨ ᠡᠳᠦᠷ᠂  ᠣᠷᠳᠣᠰ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠰᠢᠷᠢᠰ ᠠᠵᠢᠯᠯᠠᠭ᠎ᠠ ᠡᠬᠢᠯᠡᠪᠡ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠰᠢᠷᠢᠰ ᠠᠵᠢᠯᠯᠠᠭ᠎ᠠ ᠨᠢ 7 ᠳ᠋ᠤᠭᠠᠷ ᠰᠠᠷ᠎ᠠ ᠶᠢᠨ 18᠎ ᠤ ᠡᠳᠦᠷ ᠠᠴᠠ ᠡᠬᠢᠯᠡᠨ᠂ 8 ᠳ᠋ᠤᠭᠠᠷ ᠰᠠᠷ᠎ᠠ ᠶᠢᠨ 26᠎ ᠤ ᠡᠳᠦᠷ ᠪᠣᠯᠲᠠᠯ᠎ᠠ ᠶᠠᠪᠤᠭᠳᠠᠵᠤ᠂ ᠥᠨᠳᠥᠷ ᠣᠭᠲᠠᠷᠭᠤᠶ ᠶᠢᠨ ᠦᠵᠡᠰᠬᠦᠯᠡᠩ᠂ ᠨᠢᠳᠤᠷᠭᠠᠨ ᠲᠡᠮᠡᠴᠡᠭᠡᠨ ᠤ ᠲᠤᠬᠯᠠᠯᠳᠠ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ᠂ ᠠᠩᠬᠠᠳᠤᠭᠠᠷ ᠬᠤᠭᠤᠴᠠᠭᠠᠨ ᠤ ᠮᠢᠭᠮᠠᠨ ᠰᠢᠳᠠᠷ᠎ᠠ ᠶᠢᠨ ᠨᠠᠭᠠᠳᠤᠮ ᠤᠨ ᠤᠷᠤᠯᠳᠤᠭᠠᠨ᠂ ᠰᠦᠯᠵᠢᠶᠡᠨ ᠺᠢᠨᠣ᠋ ᠶᠢᠨ ᠦᠪᠡᠳᠡᠭᠰᠢ ᠶᠣᠰᠣᠯᠠᠯ᠂  ᠬᠦᠶᠤᠬᠦ ᠪᠠᠭ᠋ᠠᠳᠠᠳ ᠤᠨ ᠵᠤᠭ᠎ᠠ ᠴᠡᠩᠬᠡᠬᠦᠨ ᠤ ᠤᠷᠤᠯᠳᠤᠭᠠᠨ᠂ ᠳᠠᠭᠤᠤ ᠬᠥᠭᠵᠢᠮ ᠤᠨ ᠨᠠᠶᠢᠷ᠂ ᠫᠢᠸᠤ᠋ ᠶᠢᠨ ᠨᠠᠶᠢᠷ ᠵᠡᠷᠭᠡ ᠨᠠᠢᠮᠠᠨ ᠶᠡᠭᠡ ᠭᠤᠣᠯ ᠰᠡᠳᠦᠪᠲᠦ ᠠᠵᠢᠯᠯᠠᠭ᠎ᠠ ᠲᠤᠬᠢᠷᠠᠭᠤᠯᠵᠦ᠂ ᠪᠠᠶᠠᠯᠢᠭ ᠰᠠᠶᠢᠬᠠᠨ ᠰᠣᠶᠣᠯ ᠵᠢᠭᠤᠯᠴᠢᠯᠠᠯ ᠤᠨ ᠠᠵᠢᠯᠯᠠᠭ᠎ᠠ ᠪᠠᠷ ᠵᠢᠭᠤᠯᠴᠢᠯᠠᠬᠰᠠᠳ ᠪᠠ ᠬᠤᠲᠠ ᠶᠢᠨ ᠠᠷᠠᠳ ᠲᠤ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠪᠠ ᠠᠮᠢᠳᠤᠷᠠᠯ ᠤᠨ ᠠᠭᠤᠷ ᠠᠮᠢᠰᠬᠤᠯ ᠢ ᠮᠡᠳᠡᠷᠡᠭᠦᠯᠬᠦ ᠶᠢᠨ ᠬᠠᠮᠲᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠬᠤᠲᠠ ᠶᠢᠨ ᠳᠦᠷᠢ ᠲᠥᠷᠬᠦ ᠪᠠ ᠠᠯᠳᠠᠷᠰᠢᠯ ᠢ ᠲᠡᠭᠡᠭᠰᠢᠯᠡᠬᠦᠯᠦᠭᠰᠡᠨ ᠪᠠᠶᠢᠨ᠎ᠠ᠃    
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ