ᠪᠥᠬᠦ ᠤᠯᠤᠰ ᠤᠨ ᠬᠤᠲᠠ ᠰᠢᠶᠠᠨ ᠤ ᠬᠠᠮ ᠵᠠᠭᠤᠴᠢᠯᠠᠭᠤᠷ ᠤᠨ ᠣᠷᠳᠣᠰ ᠤᠨ ᠭᠤᠤᠯ ᠰᠡᠳᠦᠪᠲᠦ ᠮᠠᠲ᠋ᠧᠷᠢᠶᠠᠯ ᠴᠤᠭᠯᠠᠭᠤᠯᠬᠤ ᠪᠦᠯᠬᠦᠮ ᠡᠵᠡᠨ ᠬᠤᠷᠤᠭ᠎ᠠ ᠬᠤᠰᠢᠭᠤᠨ ᠳᠤ ᠬᠥᠷᠪᠡ
ᠨᠡᠶᠢᠲᠡᠯᠡᠭᠰᠡᠨ ᠴᠠᠭ᠄
2023/7/26
      7 ᠳ᠋ᠤᠭᠠᠷ ᠰᠠᠷ᠎ᠠ ᠶᠢᠨ 25᠎ ᠤ ᠡᠳᠦᠷ᠂ ᠪᠥᠬᠦ ᠤᠯᠤᠰ ᠤᠨ ᠬᠤᠲᠠ ᠰᠢᠶᠠᠨ ᠤ ᠬᠠᠮ ᠵᠠᠭᠤᠴᠢᠯᠠᠭᠤᠷ ᠤᠨ ᠣᠷᠳᠣᠰ ᠤᠨ ᠭᠤᠤᠯ ᠰᠡᠳᠦᠪᠲᠦ ᠮᠠᠲ᠋ᠧᠷᠢᠶᠠᠯ ᠴᠤᠭᠯᠠᠭᠤᠯᠬᠤ ᠪᠦᠯᠬᠦᠮ ᠡᠵᠡᠨ ᠬᠤᠷᠤᠭ᠎ᠠ ᠬᠤᠰᠢᠭᠤᠨ ᠳᠤ ᠬᠦᠷᠴᠦ ᠢᠷᠡᠪᠡ᠃      ᠮᠠᠲ᠋ᠧᠷᠢᠶᠠᠯ ᠴᠤᠭᠯᠠᠭᠤᠯᠬᠤ ᠪᠦᠯᠬᠦᠮ ᠤᠨ ᠬᠢᠨ ᠶᠤᠸᠠᠨ ᠵᠢᠩ ᠣᠲᠣ ᠦᠶ᠎ᠡ ᠶᠢᠨ ᠡᠨᠧᠷᠭᠢ ᠶᠢᠨ ᠲᠣᠨᠣᠭᠯᠠᠯ ᠦᠢᠯᠡᠳᠬᠦ ᠲᠥᠷᠥᠯ ᠵᠦᠢᠯ ᠳᠤ ᠬᠦᠷᠴᠦ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ᠂ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠤᠲᠠ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠬᠢᠨᠠᠨ ᠬᠡᠮᠵᠢᠬᠦ ᠲᠠᠪᠴᠠᠩ᠂ ᠨᠡᠭᠦᠷᠡᠰᠦᠲᠥ᠋ᠷᠥᠭᠴᠢ ᠦᠯᠦ ᠭᠠᠳᠠᠬᠰᠢᠯᠠᠭᠤᠯᠬᠤ ᠪᠠᠷᠢᠮᠵᠢᠶᠠᠨ ᠤ ᠰᠢᠰᠲ᠋ᠧᠮ ᠤᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠮᠠᠲ᠋ᠧᠷᠢᠶᠠᠯ ᠴᠤᠭᠯᠠᠭᠤᠯᠬᠤ ᠪᠦᠯᠬᠦᠮ ᠤᠨ ᠬᠢᠨ ᠡᠵᠡᠨ ᠬᠤᠷᠤᠭ᠎ᠠ ᠬᠤᠰᠢᠭᠤᠨ ᠤ ᠰᠢᠨ᠎ᠡ ᠡᠨᠧᠷᠭᠢ ᠶᠢᠨ ᠠᠵᠤ  ᠦᠢᠯᠡᠰ ᠤᠨ ᠬᠥᠭᠵᠢᠯᠲᠡ ᠶᠢᠨ ᠣᠯᠤᠭᠰᠠᠨ ᠰᠢᠯᠢᠳᠡᠭ ᠦᠷ᠎ᠡ ᠪᠦᠲᠦᠮᠵᠢ ᠶᠢ ᠭᠦᠨᠵᠡᠭᠡᠶ ᠮᠡᠳᠡᠷᠡᠵᠦ᠂ ᠦᠵᠡᠵᠦ ᠰᠣᠨᠣᠰᠤᠭᠰᠠᠨ᠂ ᠰᠡᠳᠬᠢᠨ ᠪᠤᠳᠤᠵᠤ ᠣᠯᠤᠭᠰᠠᠨ ᠵᠦᠢᠯ ᠢ ᠬᠦᠨᠵᠡᠬᠡᠢ ᠰᠤᠷᠪᠤᠯᠵᠢᠯᠠᠵᠦ᠂ ᠪᠥᠬᠦ ᠲᠠᠪᠴᠠᠩ ᠤᠨ ᠬᠠᠮ ᠵᠠᠭᠤᠴᠢᠯᠠᠭᠤᠷ ᠤᠨ ᠮᠡᠳᠡᠭᠡᠯᠡᠯ ᠬᠢᠵᠦ᠂ ᠡᠵᠡᠨ ᠬᠤᠷᠤᠭ᠎ᠠ ᠬᠤᠰᠢᠭᠤᠨ ᠤ ᠰᠠᠯᠬᠢ ᠬᠡᠷᠡᠯ ᠤᠰᠤᠲᠥ᠋ᠷᠥᠭᠴᠢ  ᠡᠨᠧᠷᠬᠢ ᠬᠠᠳᠠᠭᠠᠯᠠᠬᠤ ᠲᠡᠷᠭᠡ ᠶᠢᠨ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠲᠤᠬᠠᠶ ᠶᠢᠨ ᠭᠠᠵᠠᠷ ᠤᠨ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠪᠠᠨ ᠬᠤᠪᠢᠷᠠᠭᠤᠯᠬᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠵᠠᠭᠤᠴᠢᠯᠠᠭᠤᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃      ᠪᠥᠬᠦ ᠤᠯᠤᠰ ᠤᠨ 220 ᠭᠠᠷᠤᠶ ᠬᠤᠲᠠ ᠰᠢᠶᠠᠨ ᠤ ᠵᠠᠭᠤᠴᠢᠯᠠᠭᠤᠷ ᠮᠠᠲ᠋ᠧᠷᠢᠶᠠᠯ ᠴᠤᠭᠯᠠᠭᠤᠯᠬᠤ ᠠᠵᠢᠯᠯᠠᠭ᠎ᠠ ᠳᠤ ᠣᠷᠣᠯᠴᠠᠪᠠ᠃      
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ