| 7 ᠳ᠋ᠤᠭᠠᠷ ᠰᠠᠷ᠎ᠠ ᠶᠢᠨ 25 ᠤ ᠡᠳᠦᠷ᠂ ᠪᠥᠬᠦ ᠬᠤᠲᠠ ᠶᠢᠨ ᠠᠩᠬᠠᠳᠠᠭᠴᠢ CCER ᠣᠶ ᠰᠢᠭᠤᠶ ᠶᠢᠨ ᠨᠡᠭᠦᠷᠡᠰᠦᠲᠥ᠋ᠷᠥᠭᠴᠢ ᠬᠤᠷᠠᠮᠳᠤᠭᠤᠯᠬᠤ | ᠨᠡᠭᠡᠭᠡᠯᠲᠡ ᠶᠢᠨ ᠲᠥᠷᠥᠯ ᠵᠤᠶᠢᠯ ᠡᠵᠡᠨ ᠬᠤᠷᠤᠭ᠎ᠠ ᠬᠤᠰᠢᠭᠤᠨ ᠤ ᠵᠠᠰᠠᠭ ᠪᠠᠯᠭᠠᠰᠤ ᠶᠢᠨ ᠤᠯᠠᠭᠠᠨᠳᠤᠯᠤᠭᠠᠢ ᠲᠣᠰᠬᠤᠨ ᠳᠤ ᠵᠢᠩᠬᠢᠨᠢ ᠪᠠᠷ ᠭᠡᠷ᠎ᠡ ᠲᠤᠭᠳᠠᠵᠤ᠂ | ᠠᠩᠬᠠᠨ ᠤ ᠪᠦᠯᠦᠭ ᠤᠨ ᠠᠷᠠᠯᠵᠢᠶᠠᠨ ᠤ ᠦᠷᠳᠡᠭ ᠨᠢ 200 ᠲᠦᠮᠡᠨ ᠲᠥᠭᠦᠷᠢᠭ ᠲᠤ ᠬᠦᠷᠴᠡᠶ᠃ | ᠭᠡᠷ᠎ᠡ ᠲᠣᠭᠲᠠᠭᠰᠠᠨ ᠲᠤᠬᠠᠢ ᠶᠢᠨ ᠲᠠᠯᠠᠪᠠᠢ ᠳᠤ᠂ ᠵᠥᠩ ᠫᠦ᠋ ᠳᠡᠭᠡᠳᠦ ᠰᠢᠨᠵᠢᠯᠡᠭᠡᠨ ︵ᠪᠡᠭᠡᠵᠢᠩ︶ ᠤ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ | ᠴᠡᠪᠡᠷ ᠨᠡᠬᠦᠷᠡᠰᠦ᠋ᠳᠦᠭᠴᠢ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠡᠵᠡᠨ ᠬᠤᠷᠤᠭ᠎ᠠ ᠬᠤᠰᠢᠭᠤᠨ ᠤ ᠵᠠᠰᠠᠭ ᠪᠠᠯᠭᠠᠰᠤ ᠶᠢᠨ | ᠤᠯᠠᠭᠠᠨᠲᠣᠯᠣᠭᠠᠢ ᠲᠣᠰᠬᠤᠨ ᠲᠠᠢ CCER ᠤᠢ ᠰᠢᠭᠤᠢ ᠶᠢᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠬᠠᠮᠲᠤᠷᠠᠯᠴᠠᠭᠠᠨ ᠤ ᠭᠡᠷ᠎ᠡ ᠲᠣᠭᠲᠠᠵᠤ᠂ ᠪᠦᠬᠦ | ᠬᠤᠳᠠ ᠶᠢᠨ ᠠᠩᠬᠠᠳᠠᠭᠴᠢ CCER ᠤᠢ ᠰᠢᠭᠤᠢ ᠶᠢᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠷᠠᠯᠵᠢᠶ᠎ᠠ ᠶᠢ ᠪᠡᠶᠡᠯᠡᠭᠦᠯᠪᠡ᠃ ᠵᠠᠰᠠᠭ ᠪᠠᠯᠭᠠᠰᠤ ᠲᠣᠰ | ᠤᠳᠠᠭᠠᠨ ᠤ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠷᠠᠯᠵᠢᠶᠠᠨ ᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠤᠯᠤᠰ ᠤᠨ ᠳᠣᠲᠣᠭᠠᠳᠤ ᠶᠢᠨ ᠨᠠᠷᠠᠲᠤ | ᠲᠤᠰᠬᠠᠶ ᠮᠡᠷᠭᠡᠵᠢᠯ ᠤᠨ ᠪᠦᠯᠬᠦᠮ ᠢ ᠤᠷᠢᠵᠤ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠶᠢ ᠬᠢᠨᠠᠨ ᠬᠡᠮᠵᠢᠬᠦ ᠪᠠ ᠪᠠᠶᠢᠴᠠᠭᠠᠯᠲᠠ ᠬᠢᠬᠦ ᠪᠠᠷ ᠳᠡᠮᠵᠢᠨ᠂ | ᠤᠯᠠᠭᠠᠨᠲᠣᠯᠣᠭᠠᠶ ᠲᠣᠰᠬᠤᠨ ᠤ ᠨᠡᠭᠡᠭᠡᠨ ᠬᠥᠭᠵᠢᠭᠦᠯᠵᠦ ᠪᠣᠯᠬᠤ ᠣᠶ ᠰᠢᠭᠤᠶ ᠶᠢᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠲᠠᠯᠠᠪᠠᠶ 4 ᠲᠦᠮᠡᠨ ᠮᠥ ᠳᠤ ᠬᠦᠷᠴᠦ᠂ | 5 ᠵᠢᠯ ᠢᠶᠠᠷ ᠬᠢᠨᠠᠨ ᠬᠠᠷᠭᠤᠭᠤᠯᠬᠤ ᠦᠶᠡᠯᠡᠯ ᠤᠨ ᠬᠤᠭᠤᠴᠠᠭ᠎ᠠ ᠪᠣᠯᠭᠠᠵᠤ᠂ ᠤᠷᠢᠳᠴᠢᠯᠠᠨ ᠵᠢᠱᠢᠭᠰᠡᠨ ᠲᠥᠷᠥᠯ ᠵᠤᠶᠢᠯ ᠤᠨ ᠨᠡᠮᠡᠭᠳᠡᠯ ᠤᠨ ᠦᠷᠳᠡᠭ ᠨᠢ 200 | ᠲᠦᠮᠡᠨ ᠲᠥᠭᠦᠷᠢᠭ ᠪᠤᠯᠬᠤ ᠪᠤᠯᠤᠨ᠎ᠠ᠃ | ᠲᠥᠷᠥᠯ ᠵᠤᠶᠢᠯ ᠤᠨ ᠭᠡᠷ᠎ᠡ ᠲᠣᠭᠲᠠᠭᠰᠠᠨ ᠤ ᠳᠠᠷᠠᠭ᠎ᠠ᠂ ᠲᠣᠰᠬᠤᠨ ᠤ ᠬᠠᠮᠲᠤ ᠶᠢᠨ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶᠠᠵᠢᠯ ᠨᠢ ᠠᠵᠤ | ᠠᠬᠤᠶᠢᠯᠠᠯ ᠳᠤ ᠡᠷᠬᠡ ᠣᠯᠭᠤᠵᠤ ᠤᠯᠠᠭᠠᠨᠲᠣᠯᠣᠭᠠᠶ ᠲᠣᠰᠬᠤᠨ ᠤ ᠨᠠᠢᠮᠠᠨ ᠬᠤᠷᠰᠢᠶ᠎ᠠ ᠶᠢᠨ ᠬᠢᠯᠢ ᠳᠠᠬᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠥᠷᠥᠯ ᠵᠤᠶᠢᠯ ᠢ | ᠨᠡᠭᠡᠭᠡᠨ ᠬᠥᠭᠵᠢᠭᠦᠯᠵᠦ᠂ ᠠᠮᠵᠢᠯᠲᠠ ᠣᠯᠤᠭᠰᠠᠨ ᠤ ᠳᠠᠷᠠᠭ᠎ᠠ ᠠᠵᠤ ᠠᠬᠤᠶᠢᠯᠠᠯ ᠨᠢ ᠪᠤᠷᠤᠯᠠᠭᠤᠯᠭ᠎ᠠ ᠶᠢ ᠬᠠᠷᠢᠭᠤᠴᠠᠵᠤ᠂ ᠭᠤᠷᠪᠠᠨ ᠲᠠᠯ᠎ᠠ ᠪᠠᠷ ᠢᠶᠠᠨ | ᠪᠣᠷᠣᠯᠠᠭᠤᠯᠭ᠎ᠠ ᠶᠢᠨ ᠠᠰᠢᠭ ᠲᠤᠰᠠ ᠪᠠᠷ ᠰᠠᠭᠤᠷᠢ ᠪᠣᠯᠭᠠᠨ᠂ ᠪᠣᠯᠵᠣᠨ ᠲᠣᠭᠲᠠᠭᠰᠠᠨ ᠬᠠᠷᠢᠴᠠᠯ ᠢᠶᠠᠷ ᠣᠷᠣᠯᠭ᠎ᠠ ᠶᠢᠨ ᠬᠤᠪᠢᠶᠠᠷᠢᠯᠠᠯ ᠬᠢᠵᠦ᠂ ᠤᠯᠠᠭᠠᠨᠲᠣᠯᠣᠭᠠᠶ | ᠲᠣᠰᠬᠤᠨ ᠤ ᠬᠤᠪᠢ ᠣᠷᠣᠭᠤᠯᠤᠭᠰᠠᠨ ᠠᠵᠤ ᠠᠬᠤᠶ ᠶᠢᠨ ᠬᠤᠷᠰᠢᠶᠠᠵᠢᠯ ᠨᠢ ᠪᠦᠬᠦ ᠠᠰᠢᠭ ᠤᠷᠤᠯᠭ᠎ᠠ ᠶᠢᠨ 60 % ᠶᠢ ᠡᠵᠡᠯᠡᠨ᠂ ᠵᠥᠩ ᠫᠦ᠋ ᠳᠡᠭᠡᠳᠦ | ᠰᠢᠨᠵᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠤᠨ ᠬᠠᠶᠢᠨᠠᠨ ᠤ ᠴᠡᠪᠡᠷ ᠨᠡᠬᠦᠷᠡᠰᠦ᠋ᠳᠦᠭᠴᠢ ᠶᠢᠨ ᠪᠠᠯᠠ ᠣᠷᠣᠭᠤᠯᠤᠯᠲᠠ ᠶᠢᠨ | ᠬᠢᠵᠠᠭᠠᠷᠲᠤ ᠺᠣᠮᠫᠠᠨᠢ ᠨᠢ ᠲᠣᠰ ᠲᠣᠰ ᠪᠦᠬᠦ ᠠᠰᠢᠭ ᠤᠷᠤᠯᠭ᠎ᠠ ᠶᠢᠨ 20 % ᠶᠢ ᠡᠵᠡᠯᠡᠬᠦ ᠪᠤᠯᠤᠨ᠎ᠠ᠃ ᠰᠢᠨ᠎ᠡ ᠪᠠᠷ ᠣᠶᠢᠵᠢᠭᠤᠯᠬᠤ ᠪᠠ ᠣᠲᠣ ᠪᠠᠶᠢᠭ᠎ᠠ ᠣᠶ | ᠰᠢᠭᠤᠶ ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠵᠡᠩᠨᠡᠯᠲᠡ ᠪᠠᠷ ᠳᠠᠮᠵᠢᠭᠤᠯᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠠᠵᠤ | ᠠᠬᠤᠶ ᠶᠢᠨ ᠬᠥᠭᠵᠢᠯᠲᠡ ᠶᠢᠨ ︽ᠬᠤᠤᠰ ᠠᠮᠵᠢᠯᠲᠠ︾ ᠶᠢ ᠪᠡᠶᠡᠯᠡᠬᠦᠯᠬᠦ ᠪᠣᠯᠤᠨ᠎ᠠ᠃ | |