ᠮᠠᠨ ᠤ ᠬᠤᠰᠢᠭᠤ ᠲᠡᠮᠡᠬᠡᠨ ᠬᠠᠳᠠᠨ ᠴᠠᠭᠠᠨᠨᠠᠭᠤᠷ ᠲᠤ 50 ᠲᠦᠮᠡᠨ ᠵᠢᠷᠠᠭᠠᠬᠠᠢ ᠲᠠᠯᠪᠢᠪᠠ
ᠨᠡᠶᠢᠲᠡᠯᠡᠭᠰᠡᠨ ᠴᠠᠭ᠄
2023/7/28
      7 ᠳ᠋ᠤᠭᠠᠷ ᠰᠠᠷ᠎ᠠ ᠶᠢᠨ 26᠎ ᠤ ᠡᠳᠦᠷ᠂ ᠮᠠᠨ ᠤ ᠬᠤᠰᠢᠭᠤᠨ ᠤ 2023 ᠣᠨ ᠤ ᠵᠢᠭᠠᠰᠤᠨ ᠠᠵᠤ ᠠᠬᠤᠶ ᠶᠢᠨ ᠡᠬᠢ ᠪᠠᠶᠠᠯᠢᠭ ᠢ ᠦᠷᠡᠵᠢᠬᠦᠯᠦᠨ ᠨᠡᠮᠡᠭᠳᠡᠬᠦᠯᠬᠦ ᠡᠬᠢᠯᠡᠯᠲᠡ ᠶᠢᠨ ᠶᠣᠰᠣᠯᠠᠯ ᠲᠡᠮᠡᠭᠡᠨ ᠬᠠᠳᠠᠨ ᠴᠠᠭᠠᠨᠨᠠᠭᠤᠷ ᠲᠤ ᠶᠠᠪᠤᠭᠳᠠᠪᠠ᠃      ᠵᠠᠰᠠᠭ ᠪᠠᠯᠭᠠᠰᠤᠨ ᠳᠤ ᠪᠠᠶᠢᠭ᠎ᠠ ᠲᠡᠮᠡᠭᠡᠨ ᠬᠠᠳᠠᠨ ᠴᠠᠭᠠᠨᠨᠠᠭᠤᠷ ᠲᠤ᠂ ᠠᠵᠢᠯᠲᠠᠳ ᠬᠠᠲᠤᠨ ᠭᠤᠤᠯ ᠤᠨ ᠮᠥᠷᠭᠦ ᠵᠢᠭᠠᠰᠤ᠂ ᠠᠯᠠᠭᠠᠨ᠎ᠠ ᠰᠤᠭᠤᠰᠤ ᠵᠡᠷᠭᠡ 50 ᠲᠦᠮᠡᠨ ᠵᠢᠷᠠᠭᠠᠬᠠᠢ ᠶᠢ  ᠨᠠᠭᠤᠷ ᠲᠤ ᠲᠠᠯᠪᠢᠵᠦ᠂ ᠴᠦᠮ ᠮᠠᠨ ᠤ ᠬᠤᠰᠢᠭᠤᠨ ᠤ ᠤᠰᠤᠨ ᠤᠷᠤᠨ ᠳᠤ ᠠᠮᠢᠳᠤᠷᠠᠬᠤ ᠳᠤ ᠲᠤᠬᠢᠷᠠᠮᠵᠢᠳᠠᠢ ᠬᠡᠷᠡᠭᠴᠡᠭᠡ ᠶᠡᠬᠡᠳᠡᠢ ᠵᠢᠭᠠᠰᠤ ᠪᠠᠶᠢᠵᠦ᠂ ᠤᠰᠤᠨ ᠤᠷᠤᠨ ᠤ ᠰᠢᠨ᠎ᠡ ᠠᠮᠢᠵᠢᠷᠠᠯ ᠤᠨ ᠬᠦᠴᠦᠨ ᠢ  ᠨᠡᠮᠡᠷᠢᠯᠡᠭᠰᠡᠨ ᠪᠠᠶᠢᠨ᠎ᠠ᠃      2022 ᠣᠨ ᠤ ᠡᠴᠦᠰ ᠪᠣᠯᠲᠠᠯ᠎ᠠ᠂ ᠮᠠᠨ ᠤ ᠬᠤᠰᠢᠭᠤᠨ ᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠤᠰᠤᠨ ᠤ ᠲᠠᠯᠠᠪᠠᠶ 11 . 3 ᠲᠦᠮᠡᠨ ᠮᠥ ᠳᠤ ᠬᠦᠷᠤᠨ᠂ ᠤᠰᠤᠨ ᠭᠠᠷᠤᠯᠲᠠ 1160 ᠭᠠᠷᠤᠶ ᠲᠣᠨ ᠳᠤ ᠬᠦᠷᠴᠦ᠂ ᠵᠢᠭᠠᠰᠤᠨ ᠠᠵᠤ ᠠᠬᠤᠶ ᠶᠢᠨ ᠠᠵᠢᠯᠲᠠᠨ ᠤ ᠬᠥᠮᠦᠨ ᠳᠤᠮᠳᠠᠴᠢ ᠶᠢᠨ ᠴᠡᠪᠡᠷ ᠣᠷᠣᠯᠭ᠎ᠠ 3 . 2 ᠲᠦᠮᠡᠨ ᠲᠥᠭᠦᠷᠢᠭ ᠲᠤ ᠬᠦᠷᠴᠡᠶ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ  ᠦᠢᠯᠡᠰ ᠢ ᠬᠥᠭᠵᠢᠭᠦᠯᠬᠦ ᠶᠢᠨ ᠬᠠᠮᠲᠤ᠂ 2006 ᠣᠨ ᠠᠴᠠ ᠡᠬᠢᠯᠡᠨ᠂ ᠮᠠᠨ ᠤ ᠬᠤᠰᠢᠭᠤ ᠳᠣᠲᠣᠭᠠᠳᠤ ᠬᠠᠭᠤᠷᠠᠶ ᠶᠢᠨ ᠭᠤᠤᠯ ᠮᠥᠷᠡᠨ ᠤ ᠪᠠᠶᠢᠭᠠᠯᠢ ᠶᠢᠨ ᠤᠰᠤᠨ ᠣᠷᠣᠨ ᠳᠤ ᠨᠡᠶᠢᠲᠡ 350 ᠭᠠᠷᠤᠶ ᠲᠦᠮᠡᠨ ᠬᠠᠲᠤᠨ ᠭᠤᠤᠯ ᠤᠨ ᠮᠥᠷᠭᠦ ᠵᠢᠭᠠᠰᠤ᠂ 50 ᠭᠠᠷᠤᠶ ᠲᠦᠮᠡᠨ ᠲᠠᠬᠤ ᠵᠢᠭᠠᠰᠤ ᠶᠢ ᠤᠰᠤᠨ ᠳᠤ ᠲᠠᠯᠪᠢᠵᠤ᠂ ᠳᠣᠲᠣᠭᠠᠳᠤ ᠬᠠᠭᠤᠷᠠᠶ ᠶᠢᠨ ᠭᠤᠤᠯ ᠮᠥᠷᠡᠨ ᠤ ᠪᠠᠶᠢᠭᠠᠯᠢ ᠶᠢᠨ ᠤᠰᠤᠨ ᠣᠷᠣᠨ ᠤ ᠠᠮᠢ ᠠᠬᠤᠶ ᠶᠢᠨ ᠲᠡᠩᠴᠡᠭᠦᠷᠢ ᠶᠢ ᠰᠠᠶᠢᠵᠢᠷᠠᠭᠤᠯᠬᠤ ᠪᠠ ᠵᠢᠭᠠᠰᠤᠨ ᠤ ᠲᠥᠷᠥᠯ ᠤᠨ ᠡᠬᠢ ᠪᠠᠶᠠᠯᠢᠭ ᠢ ᠰᠡᠷᠬᠦᠭᠡᠨ ᠨᠡᠮᠡᠭᠳᠡᠭᠦᠯᠬᠦ ᠳᠤ ᠴᠢᠬᠤᠯᠠ ᠤᠶᠢᠯᠡᠳᠤᠯ ᠦᠵᠡᠭᠦᠯᠪᠡ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ