ᠮᠠᠨ ᠤ ᠬᠤᠰᠢᠭᠤᠨ ᠤ ᠲᠣᠭᠠᠴᠢᠯᠠᠭᠰᠠᠨ ᠵᠠᠰᠠᠭ ᠤᠨ ᠣᠷᠳᠣᠨ ᠤ ᠲᠥᠷᠥᠯ ᠵᠤᠶᠢᠯ ᠵᠢᠩᠬᠢᠨᠢ ᠪᠠᠷ ᠠᠰᠢᠬᠯᠠᠯᠳᠠ ᠳᠤ ᠤᠷᠤᠪᠠ
ᠨᠡᠶᠢᠲᠡᠯᠡᠭᠰᠡᠨ ᠴᠠᠭ᠄
2023/7/28
      7 ᠳ᠋ᠤᠭᠠᠷ ᠰᠠᠷ᠎ᠠ ᠶᠢᠨ 27᠎ ᠤ ᠡᠳᠦᠷ᠂ ᠲᠣᠭᠠᠴᠢᠯᠠᠭᠰᠠᠨ ᠵᠠᠰᠠᠭ ᠤᠨ ᠣᠷᠳᠣᠨ ᠡᠵᠡᠨ ᠬᠤᠷᠤᠭ᠎ᠠ ᠶᠢ ᠰᠠᠶᠢᠳᠤᠷ ᠵᠠᠰᠠᠬᠤ— 2023 ᠣᠨ ᠤ ᠡᠵᠡᠨ ᠬᠤᠷᠤᠭ᠎ᠠ ᠬᠤᠰᠢᠭᠤᠨ ᠤ ᠲᠣᠭᠠᠴᠢᠯᠠᠭᠰᠠᠨ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠯᠳᠠᠨᠰᠢᠷᠡᠭᠡ ᠪᠠᠯᠭᠠᠰᠤᠨ ᠳᠤ ᠶᠠᠪᠤᠭᠳᠠᠵᠤ᠂  ᠮᠠᠨ ᠤ ᠬᠤᠰᠢᠭᠤᠨ ᠤ ᠲᠣᠭᠠᠴᠢᠯᠠᠭᠰᠠᠨ ᠵᠠᠰᠠᠭ ᠤᠨ ᠣᠷᠳᠣᠨ ᠤ ᠲᠥᠷᠥᠯ ᠵᠤᠶᠢᠯ ᠵᠢᠩᠬᠢᠨᠢ ᠪᠠᠷ ᠠᠰᠢᠬᠯᠠᠯᠳᠠ ᠳᠤ ᠤᠷᠤᠬᠰᠠᠨ ᠢ ᠬᠠᠷᠠᠭᠤᠯᠪᠠ᠃       ᠣᠶᠢᠷ᠎ᠠ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤ ︽ᠵᠠᠰᠠᠭ ᠤᠨ ᠣᠷᠳᠣᠨ ᠦᠷ᠎ᠡ ᠠᠰᠢᠭ ᠢᠶᠠᠨ ᠨᠡᠮᠡᠭᠳᠡᠭᠦᠯᠵᠦ᠂ ᠠᠷᠠᠳ ᠲᠦᠮᠡᠨ ᠠᠰᠢᠭ ᠭᠥᠷᠳᠡᠬᠦ︾᠎ ᠪᠠᠷ ᠬᠠᠷᠠᠯᠲᠠ ᠪᠣᠯᠭᠠᠵᠤ᠂ ᠳᠤᠮᠳᠠᠳᠤ ᠤᠯᠤᠰ ᠤᠨ ᠨᠢᠭᠡᠳᠦᠭᠰᠡᠨ ᠬᠤᠯᠪᠣᠭ᠎ᠠ ᠲᠠᠢ ᠬᠤᠯᠪᠣᠭᠠᠯᠠᠨ᠂ ᠲᠠᠰᠤᠷᠠᠯᠲᠠ ᠥᠬᠡᠶ ᠬᠠᠶᠢᠨ ᠰᠦᠪᠡᠭᠴᠢᠯᠡᠵᠦ᠂ ᠲᠦᠷᠭᠡᠨ ᠲᠣᠬᠢᠷᠠᠭᠤᠯᠤᠯᠲᠠ ᠬᠢᠵᠦ᠂ ᠠᠮᠤᠷ ᠲᠦᠪᠰᠢᠨ ᠴᠢᠨᠠᠷ ᠢᠶᠠᠷ ᠦᠨᠳᠤᠷ᠂ ᠨᠠᠶᠢᠳᠠᠪᠤᠷᠢᠲᠤ ᠴᠢᠨᠠᠷ ᠢᠶᠠᠷ ᠴᠢᠩᠭ᠎ᠠ᠂ ᠲᠥᠬᠦᠮ ᠲᠦᠳᠡ ᠴᠢᠨᠠᠷ ᠢᠶᠠᠷ ᠶᠡᠭᠡ ᠲᠣᠭᠠᠴᠢᠯᠠᠭᠰᠠᠨ ᠲᠠᠪᠴᠠᠩ ᠢ ᠪᠠᠶᠢᠭᠤᠯᠵᠤ᠂ ︽ᠨᠢᠭᠡ ᠡᠭᠦᠯᠡᠨ ᠨᠢᠭᠡ ᠰᠦᠯᠵᠢᠶ᠎ᠡ ᠨᠢᠭᠡ ᠲᠥᠪ ᠲᠤᠯᠤᠭᠠᠨ ᠲᠠᠪᠴᠠᠩ︾᠎ ᠢᠶᠠᠷ ᠰᠠᠭᠤᠷᠢ ᠪᠣᠯᠭᠠᠭᠰᠠᠨ ᠨᠢᠭᠡ ᠴᠣᠭᠴᠠᠵᠢᠭᠰᠠᠨ᠂ ᠬᠠᠮᠵᠢᠯᠴᠠᠭᠰᠠᠨ᠂ ᠣᠶᠤᠨᠴᠢᠯᠠᠭᠰᠠᠨ ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠵᠤ᠂ ᠵᠠᠰᠠᠭ ᠤᠨ ᠣᠷᠳᠣᠨ ᠤ ᠵᠠᠰᠠᠯᠲᠠ ᠶᠢᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠠᠬᠢᠭᠤᠯᠪᠠ᠃      ᠡᠵᠡᠨ ᠬᠤᠷᠤᠭ᠎ᠠ ᠬᠤᠰᠢᠭᠤ ᠠᠵᠤ ᠠᠬᠤᠶ ᠨᠡᠶᠢᠭᠡᠮ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠬᠠᠨᠳᠤᠰᠢ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠪᠥᠬᠦ ᠲᠠᠯ᠎ᠠ ᠪᠠᠷ ᠲᠦᠷᠭᠡᠳᠴᠦ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ᠂ ᠲᠣᠭᠠᠴᠢᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠦᠨᠳᠦᠰᠦᠨ ᠱᠠᠲᠤᠨ ᠤ ᠲᠣᠭᠠᠴᠢᠯᠠᠭᠰᠠᠨ ᠵᠠᠰᠠᠯᠲᠠ ᠵᠡᠷᠭᠡ ᠡᠯ᠎ᠡ  ᠵᠤᠶᠢᠯ ᠤᠨ ᠠᠵᠢᠯ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠨᠠᠮ ᠤᠨ ᠬᠤᠷᠢᠶ᠎ᠠ᠂  ᠬᠤᠰᠢᠭᠤᠨ ᠤ ᠠᠷᠠᠳ ᠤᠨ ᠵᠠᠰᠠᠭ ᠤᠨ ᠣᠷᠳᠣᠨ ᠰᠠᠭᠤᠷᠢ ᠲᠥᠬᠦᠭᠡᠷᠦᠮᠵᠢ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠴᠢᠩᠭᠠᠳᠬᠠᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ︽ᠣᠶᠤᠨ ᠤᠬᠠᠭᠠᠨ ᠠᠴᠠ ᠣᠯᠭᠤᠭᠰᠠᠨ︾ ᠰᠠᠶᠢᠨ ᠰᠠᠶᠢᠬᠠᠨ ᠠᠮᠢᠳᠤᠷᠠᠯ ᠢ ᠬᠦᠢᠴᠡᠳ ᠡᠳ᠋ᠯᠡᠭᠦᠯᠦᠨ᠎ᠡ᠃      ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠪᠦᠯᠦᠭᠯᠡᠯ 5 G + ᠲᠣᠭᠠᠴᠢᠯᠠᠭᠰᠠᠨ ᠠᠵᠤ ᠠᠬᠤᠶ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠵᠢᠴᠢ ᠲᠣᠭᠠᠴᠢᠯᠠᠭᠰᠠᠨ ᠵᠠᠰᠠᠭ ᠤᠨ ᠣᠷᠳᠣᠨ ᠤ ᠠᠵᠤ ᠦᠢᠯᠡᠰ ᠤᠨ ᠬᠠᠮᠲᠤᠷᠠᠭᠰᠠᠨ ᠲᠤᠷᠰᠢᠯᠲᠠ ᠶᠢᠨ ᠲᠠᠰᠤᠭ ᠤᠨ ᠲᠥᠷᠥᠯ  ᠵᠤᠶᠢᠯ ᠤᠨ ᠲᠤᠬᠠᠶ ᠭᠡᠷ᠎ᠡ ᠲᠣᠭᠲᠠᠪᠠ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ