︽ᠡᠵᠡᠨ ᠬᠤᠷᠤᠭ᠎ᠠ ᠬᠤᠰᠢᠭᠤᠨ ᠤ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠤᠯᠤᠰ ᠤᠨ ᠥᠮᠴᠢᠯᠡᠯ᠂ ᠬᠠᠮᠲᠤ ᠶᠢᠨ ᠭᠠᠵᠠᠷ ᠰᠢᠷᠣᠢ ᠵᠢᠴᠢ ᠭᠠᠵᠠᠷ ᠳᠡᠭᠡᠷᠡᠬᠢ ᠪᠣᠳᠠᠰ ᠢ ᠲᠠᠲᠠᠪᠤᠷᠢᠯᠠᠬᠤ ᠲᠤᠬᠠᠢ ᠵᠢᠯᠤᠭᠤᠳᠬᠤ ᠰᠠᠨᠠᠯ︾᠎ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/7/29
       ︽ᠡᠵᠡᠨ ᠬᠤᠷᠤᠭ᠎ᠠ ᠬᠤᠰᠢᠭᠤᠨ ᠤ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠤᠯᠤᠰ ᠤᠨ ᠥᠮᠴᠢᠯᠡᠯ᠂ ᠬᠠᠮᠲᠤ ᠶᠢᠨ ᠭᠠᠵᠠᠷ ᠰᠢᠷᠣᠢ ᠵᠢᠴᠢ ᠭᠠᠵᠠᠷ ᠳᠡᠭᠡᠷᠡᠬᠢ ᠪᠣᠳᠠᠰ ᠢ ᠲᠠᠲᠠᠪᠤᠷᠢᠯᠠᠬᠤ ᠵᠢᠯᠤᠭᠤᠳᠬᠤ ᠰᠠᠨᠠᠯ ᠤᠨ ᠮᠡᠳᠡᠭᠳᠡᠯ︾ ︵  ᠡᠵᠡᠨ ᠵᠠᠰᠠᠭ ᠲᠠᠷᠬᠠᠭᠠᠭᠰᠠᠨ ﹇2016﹈ 79 ᠳ᠋ᠣᠭᠡᠷ ᠲᠣᠭᠠᠲᠤ︶᠎ ᠢ 2016 ᠣᠨ ᠤ 7 ᠳ᠋ᠤᠭᠠᠷ ᠰᠠᠷ᠎ᠠ ᠶᠢᠨ 8᠎ ᠤ ᠡᠳᠦᠷ ᠵᠢᠩᠬᠢᠨᠢ ᠪᠠᠷ ᠳᠠᠷᠤᠮᠠᠯᠯᠠᠨ ᠲᠠᠷᠬᠠᠭᠠᠪᠠ᠃ ᠡᠳᠦᠭᠡ ︽ᠡᠵᠡᠨ ᠬᠤᠷᠤᠭ᠎ᠠ ᠬᠤᠰᠢᠭᠤᠨ ᠤ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠤᠯᠤᠰ ᠤᠨ ᠥᠮᠴᠢᠯᠡᠯ᠂ ᠬᠠᠮᠲᠤ ᠶᠢᠨ ᠭᠠᠵᠠᠷ ᠰᠢᠷᠣᠢ ᠵᠢᠴᠢ ᠭᠠᠵᠠᠷ ᠳᠡᠭᠡᠷᠡᠬᠢ ᠪᠣᠳᠠᠰ ᠢ ᠲᠠᠲᠠᠪᠤᠷᠢᠯᠠᠬᠤ ᠵᠢᠯᠤᠭᠤᠳᠬᠤ ᠰᠠᠨᠠᠯ ᠤᠨ ᠮᠡᠳᠡᠭᠳᠡᠯ︾᠎ ᠤᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠪᠡ᠄       ᠨᠢᠭᠡ᠂ ᠲᠣᠭᠲᠠᠭᠠᠭᠰᠠᠨ ᠠᠬᠤᠢ ᠪᠠᠶᠢᠳᠠᠯ ᠵᠢᠴᠢ ᠵᠣᠷᠢᠯᠭ᠎ᠠ       2016 ᠣᠨ ᠳᠤ᠂ ᠡᠵᠡᠨ ᠬᠤᠷᠤᠭ᠎ᠠ ᠬᠤᠰᠢᠭᠤᠨ ᠤ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ︵ᠬᠤᠲᠠ ᠶᠢᠨ ᠳᠤᠮᠳᠠᠬᠢ ᠲᠣᠰᠬᠤᠨ︶᠎ ᠢ ᠥᠭᠡᠷᠡᠴᠢᠯᠡᠬᠦ ᠠᠬᠢᠴᠠ ᠶᠢ ᠲᠦᠷᠭᠡᠳᠬᠡᠬᠦ ᠶᠢᠨ ᠲᠥᠯᠥᠭᠡ᠂ ᠬᠤᠲᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠤᠯᠤᠰ ᠤᠨ ᠥᠮᠴᠢᠯᠡᠯ ᠪᠠ ᠬᠠᠮᠲᠤ ᠶᠢᠨ ᠥᠮᠴᠢᠯᠡᠯ ᠤᠨ ᠭᠠᠵᠠᠷ ᠰᠢᠷᠣᠢ ᠶᠢᠨ ᠲᠠᠲᠠᠪᠤᠷᠢᠯᠠᠭᠳᠠᠭᠰᠠᠨ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠥᠨ ᠤ ᠡᠷᠬᠡ ᠠᠰᠢᠭ ᠢ ᠪᠠᠳᠤᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠣᠷᠳᠣᠰ ᠬᠤᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠲᠣᠰ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠢᠯᠡ ᠲᠣᠳᠣ᠂ ᠡᠷᠬᠡ ᠲᠡᠭᠰᠢ ᠲᠥᠪ ᠭᠤᠥᠯᠴᠢ᠂ ᠲᠡᠦᠬᠡ ᠶᠢ ᠬᠦᠨᠳᠦᠳᠬᠡᠬᠦ ᠵᠠᠷᠴᠢᠮ ᠶᠣᠰᠣᠭᠠᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ᠵᠡᠷᠭᠡ ᠪᠢᠴᠢᠭ ᠮᠠᠲ᠋ᠧᠷᠢᠶᠠᠯ ᠢ ᠦᠨᠳᠦᠰᠦᠯᠡᠨ᠂ ᠲᠣᠰ ᠰᠠᠨᠠᠯ ᠢ ᠲᠣᠭᠲᠠᠭᠠᠪᠠ᠃       ᠬᠤᠶᠠᠷ᠂ ᠲᠣᠭᠲᠠᠭᠠᠬᠤ ᠦᠨᠳᠦᠰᠦᠯᠡᠯ       ᠭᠤᠣᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ︽ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠲᠠᠲᠠᠪᠤᠷᠢᠯᠠᠬᠤ ᠵᠢᠯ ᠤᠨ ᠦᠢᠯᠡᠳᠬᠦᠨ ᠤ ᠥᠷᠲᠡᠭ ᠤᠨ ᠪᠠᠷᠢᠮᠵᠢᠶ᠎ᠠ ᠶᠢ ᠨᠢᠬᠡᠳᠬᠡᠬᠦ ᠪᠠ ᠭᠠᠵᠠᠷ ᠰᠢᠷᠣᠢ ᠲᠠᠲᠠᠪᠤᠷᠢᠯᠠᠬᠤ ᠣᠷᠣᠨ ᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠨᠡᠶᠢᠲᠡᠯᠡᠨ ᠬᠡᠷᠡᠭᠵᠢᠭᠦᠯᠬᠦ ᠲᠤᠬᠠᠢ ᠮᠡᠳᠡᠭᠳᠡᠯ︾ ︽ᠠᠯᠳᠠᠨᠰᠢᠷᠡᠭᠡ ᠪᠠᠯᠭᠠᠰᠤᠨ ᠤ ᠦᠨᠳᠦᠰᠦᠨ ᠪᠠᠷᠢᠮᠵᠢᠶᠠᠲᠤ ᠭᠠᠵᠠᠷ ᠤᠨ ᠦᠨ᠎ᠡ︾ ︽ᠤᠯᠠᠭᠠᠨᠮᠥᠷᠡᠨ ᠪᠠᠯᠭᠠᠰᠤ ᠵᠡᠷᠭᠡ ᠵᠢᠷᠭᠤᠭᠠᠨ ᠪᠠᠯᠭᠠᠰᠤᠨ ᠤ ᠦᠨᠳᠦᠰᠦᠨ ᠪᠠᠷᠢᠮᠵᠢᠶᠠᠲᠤ ᠭᠠᠵᠠᠷ ᠤᠨ ᠦᠨ᠎ᠡ︾ ︽ᠡᠵᠡᠨ ᠬᠤᠷᠤᠭ᠎ᠠ ᠬᠤᠰᠢᠭᠤᠨ ᠤ ᠭᠠᠵᠠᠷ ᠰᠢᠷᠣᠢ ᠲᠠᠲᠠᠪᠤᠷᠢᠯᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠪᠠᠷ ᠦᠨᠳᠦᠰᠦᠯᠡᠯ ᠪᠣᠯᠭᠠᠵᠤ᠂ ᠡᠵᠡᠨ ᠬᠤᠷᠤᠭ᠎ᠠ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠣᠰ ᠰᠠᠨᠠᠯ ᠢ ᠲᠣᠭᠲᠠᠭᠠᠪᠠ᠃       ᠭᠤᠷᠪᠠ᠂ ᠭᠤᠣᠯ ᠠᠭᠤᠯᠭ᠎ᠠ       ᠡᠭᠦᠨ ᠳᠤ ᠭᠤᠣᠯᠳᠠᠭᠤ ᠠᠷᠪᠠᠨ ᠨᠠᠢᠮᠠᠨ ᠵᠦᠢᠯ ᠤᠨ ᠠᠭᠤᠯᠭ᠎ᠠ ᠪᠠᠭᠳᠠᠵᠤ᠂ ᠲᠤᠰ ᠲᠤᠰ ᠲᠠᠲᠠᠪᠤᠷᠢᠯᠠᠬᠤ ᠬᠦᠷᠢᠶ᠎ᠡ ᠬᠡᠪᠴᠢᠶ᠎ᠡ᠂ ᠲᠠᠲᠠᠪᠤᠷᠢᠯᠠᠭᠰᠠᠨ ᠴᠠᠭ᠂ ᠲᠠᠲᠠᠪᠤᠷᠢᠯᠠᠭᠰᠠᠨ ᠨᠢᠭᠡᠴᠢ᠂ ᠬᠡᠷᠡᠭᠵᠢᠭᠦᠯᠬᠦ ᠨᠢᠭᠡᠴᠢ᠂ ᠲᠠᠲᠠᠪᠤᠷᠢᠯᠠᠭᠰᠠᠨ ᠨᠥᠬᠦᠪᠦᠷᠢ ᠶᠢᠨ ᠦᠨᠳᠦᠰᠦᠯᠡᠯ᠂ ᠲᠠᠲᠠᠪᠤᠷᠢᠯᠠᠭᠰᠠᠨ ᠨᠥᠬᠦᠪᠦᠷᠢ ᠶᠢᠨ ᠠᠷᠭ᠎ᠠ ᠬᠡᠯᠪᠡᠷᠢ᠂ ᠭᠠᠵᠠᠷ ᠰᠢᠷᠣᠢ ᠶᠢᠨ ᠲᠥᠯᠥᠪᠦᠷᠢ ᠶᠢᠨ ᠪᠠᠷᠢᠮᠵᠢᠶ᠎ᠠ᠂ ᠭᠡᠷ ᠪᠠᠶᠢᠰᠢᠩ ᠤᠨ ᠥᠮᠴᠢᠯᠡᠯ ᠤᠨ ᠡᠷᠬᠡ ᠶᠢ ᠰᠣᠯᠢᠬᠤ ᠪᠠ ᠬᠤᠳᠠᠯᠳᠤᠭ᠎ᠠ ᠣᠷᠣᠨ ᠰᠠᠭᠤᠴᠠ ᠶᠢ ᠬᠠᠷᠢᠯᠴᠠᠨ ᠨᠡᠪᠲᠡᠷᠡᠭᠦᠯᠬᠦ ᠲᠥᠷᠥ ᠶᠢᠨ ᠪᠣᠳᠣᠯᠭ᠎ᠠ᠂ ᠣᠷᠣᠨ ᠰᠠᠭᠤᠴᠠ ᠶᠢᠨ ᠪᠤᠰᠤ ᠭᠡᠷ ᠪᠠᠶᠢᠰᠢᠩ ᠤᠨ ᠥᠮᠴᠢᠯᠡᠯ ᠤᠨ ᠡᠷᠬᠡ ᠶᠢ ᠰᠣᠯᠢᠬᠤ ᠠᠷᠭ᠎ᠠ᠂ ᠤᠯᠤᠰ ᠤᠨ ᠥᠮᠴᠢᠯᠡᠯ ᠤᠨ ᠬᠤᠳᠠᠯᠳᠤᠭᠠᠨ ᠤ ᠬᠡᠷᠡᠭᠯᠡᠭᠡᠨ ᠤ ᠭᠡᠷ ᠪᠠᠶᠢᠰᠢᠩ ᠨᠢ ᠬᠤᠳᠠᠯᠳᠤᠭᠠᠨ ᠤ ᠣᠷᠣᠨ ᠰᠠᠭᠤᠴᠠ ᠶᠢᠨ ᠬᠠᠷᠢᠯᠴᠠᠨ ᠨᠡᠪᠲᠡᠷᠡᠬᠦ ᠭᠡᠷ ᠪᠠᠶᠢᠰᠢᠩ ᠤᠨ ᠪᠢᠯᠧᠲ ᠰᠣᠯᠢᠬᠤ ᠠᠷᠭ᠎ᠠ᠂ ᠭᠡᠷ ᠪᠠᠶᠢᠰᠢᠩ ᠤᠨ ᠥᠮᠴᠢᠯᠡᠬᠦ ᠡᠷᠬᠡ ᠶᠢ ᠰᠣᠯᠢᠬᠤ ᠶᠢᠨ ᠱᠠᠩᠨᠠᠬᠤ ᠠᠷᠭ᠎ᠠ᠂ ᠥᠮᠴᠢᠯᠡᠬᠦ ᠡᠷᠬᠡ ᠶᠢᠨ ᠦᠨᠡᠮᠯᠡᠯ ᠢ ᠭᠦᠢᠴᠡᠳᠬᠡᠬᠦ᠂ ᠭᠡᠷ ᠪᠠᠶᠢᠰᠢᠩ ᠢ ᠲᠠᠲᠠᠪᠤᠷᠢᠯᠠᠬᠤ ᠶᠢᠨ ᠡᠯ᠎ᠡ ᠵᠦᠢᠯ ᠤᠨ ᠨᠥᠬᠦᠪᠦᠷᠢ ᠰᠦᠢᠳᠬᠡᠯ ᠤᠨ ᠪᠠᠷᠢᠮᠵᠢᠶ᠎ᠠ᠂ ᠪᠡᠯᠡᠨ ᠵᠣᠭᠤᠰ ᠢᠶᠠᠷ ᠳ᠋ᠦᠩᠨᠡᠨ ᠪᠤᠳᠤᠬᠤ ᠬᠦᠷᠢᠶ᠎ᠡ᠂ ᠨᠢᠭᠡᠨᠲᠡ ᠥᠭᠡᠷᠡᠴᠢᠯᠡᠭᠰᠡᠨ ᠭᠡᠷ ᠪᠠᠶᠢᠰᠢᠩ ᠪᠠ ᠭᠠᠵᠠᠷ ᠰᠢᠷᠣᠢ ᠶᠢᠨ ᠵᠢᠷᠤᠮᠯᠠᠬᠤ ᠰᠣᠯᠢᠬᠤ ᠵᠠᠷᠴᠢᠮ᠂ ᠰᠣᠯᠢᠬᠤ ᠭᠡᠷ ᠪᠠᠶᠢᠰᠢᠩ ᠤᠨ ᠬᠠᠷᠢᠴᠠᠯ᠂ ᠲᠥᠰᠥᠯ ᠤᠨ ᠬᠦᠴᠦᠨ ᠲᠠᠢ ᠬᠤᠭᠤᠴᠠᠭ᠎ᠠ᠂ ᠡᠯ᠎ᠡ ᠪᠠᠯᠭᠠᠰᠤ ᠵᠢᠯᠤᠭᠤᠳᠬᠤ ᠰᠠᠨᠠᠯ ᠢ ᠦᠨᠳᠦᠰᠦᠯᠡᠨ ᠲᠥᠰᠥᠯ ᠲᠣᠭᠲᠠᠭᠠᠨ᠎ᠠ᠃ ᠡᠭᠦᠨ ᠠᠴᠠ ᠭᠠᠳᠠᠨ᠎ᠠ ᠬᠡᠰᠡᠭ ᠮᠣᠳᠣᠨ ᠳᠤ ᠨᠥᠬᠦᠪᠦᠷᠢ ᠥᠭᠬᠦ ᠪᠠᠷᠢᠮᠵᠢᠶ᠎ᠠ ᠪᠠ ᠳᠠᠭᠠᠯᠲᠠ ᠲᠥᠬᠦᠭᠡᠷᠦᠮᠵᠢ ᠵᠢᠴᠢ ᠪᠤᠰᠤᠳ ᠳᠠᠭᠠᠯᠲᠠ ᠪᠣᠳᠠᠰ ᠲᠤ ᠨᠥᠬᠦᠪᠦᠷᠢ ᠥᠭᠬᠦ ᠪᠠᠷᠢᠮᠵᠢᠶ᠎ᠠ ᠶᠢ ᠳᠠᠭᠠᠯᠳᠤᠭᠤᠯᠤᠨ᠎ᠠ᠃       ᠳᠥᠷᠪᠡ᠂ ᠬᠡᠷᠡᠭᠵᠢᠭᠦᠯᠬᠦ ᠪᠠᠷᠢᠮᠵᠢᠶ᠎ᠠ       ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠬᠤᠯᠪᠣᠭᠳᠠᠯ ᠪᠦᠬᠦᠢ ᠰᠢᠭᠤᠳ ᠬᠠᠷᠢᠶ᠎ᠠ ᠨᠢᠬᠡᠴᠢ᠂ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ ︽ᠰᠠᠨᠠᠯ︾᠎ ᠢᠶᠠᠷ ᠵᠢᠯᠣᠭᠤᠳᠤᠯᠭ᠎ᠠ ᠪᠣᠯᠭᠠᠵᠤ᠂ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠡᠭᠦᠷᠭᠡ ᠶᠢ ᠬᠠᠮᠵᠢᠯᠴᠠᠨ ᠪᠡᠶᠡᠯᠡᠭᠦᠯᠦᠨ᠎ᠡ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ