ᠬᠠᠷᠠᠭᠴᠢᠨ ᠲᠠᠤᠯᠠᠢ ᠵᠢᠯ ᠤᠨ ᠴᠢᠩᠬᠢᠰ ᠬᠠᠭᠠᠨ ᠤ ᠵᠣᠨ ᠤ ᠤᠯᠠᠷᠢᠯ ᠤᠨ ᠨᠠᠭᠤᠷ ᠤᠨ ᠶᠡᠭᠡ ᠲᠠᠶᠢᠯᠭ᠎ᠠ ᠶᠠᠪᠤᠬᠳᠠᠪᠠ
ᠨᠡᠶᠢᠲᠡᠯᠡᠭᠰᠡᠨ ᠴᠠᠭ᠄
2023/7/3
      ᠤᠯᠤᠰ ᠤᠨ ᠲᠡᠰ ᠤᠨ ᠪᠣᠳᠠᠰ ᠤᠨ ᠪᠣᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠵᠤ᠂ ᠵᠢᠭᠤᠯᠴᠢᠯᠠᠭᠰᠠᠳ ᠲᠤ ᠵᠣᠨ ᠤ ᠨᠠᠭᠤᠷ ᠤᠨ ᠶᠡᠭᠡ ᠲᠠᠶᠢᠯᠭ᠎ᠠ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠷᠠᠭᠤᠯᠣᠨ ᠰᠣᠶᠣᠯ ᠵᠢᠭᠤᠯᠴᠢᠯᠡᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠪᠠᠷ ᠠᠷᠭ᠎ᠠ ᠶᠢᠨ ᠤᠯᠠᠷᠢᠯ ᠤᠨ 7 ᠳ᠋ᠤᠭᠠᠷ ᠰᠠᠷ᠎ᠠ ᠶᠢᠨ 2᠎ ᠤ ᠡᠳᠦᠷ᠂ ᠪᠢᠯᠢᠭ ᠤᠨ ᠤᠯᠠᠷᠢᠯ ᠤᠨ ᠲᠠᠪᠣᠨ ᠰᠠᠷ᠎ᠠ ᠶᠢᠨ ᠠᠷᠪᠡᠨ ᠲᠠᠪᠣᠨ ᠤ ᠡᠳᠦᠷ ᠴᠢᠩᠬᠢᠰ ᠬᠠᠭᠠᠨ ᠤ ᠣᠩᠭᠤᠨ ᠳᠤ ᠴᠢᠩᠬᠢᠰ ᠬᠠᠭᠠᠨ ᠤ ᠵᠣᠨ ᠤ ᠤᠯᠠᠷᠢᠯ ᠤᠨ ᠨᠠᠭᠤᠷ ᠤᠨ ᠲᠠᠶᠢᠯᠭ᠎ᠠ ᠶᠢ ᠤᠯᠠᠮᠵᠢᠯᠠᠯᠲᠤ ᠶᠣᠰᠣᠭᠠᠷ ᠦᠢᠯᠡᠳᠴᠡᠢ᠃      ᠥᠷᠯᠦᠭᠡ ᠡᠷᠲᠠ᠂ ᠳᠠᠷᠬᠠᠳ ᠶᠠᠮᠣᠲᠠᠳ ᠠᠴᠠ ᠲᠤᠩ ᠳᠠᠲᠠᠨ᠂ ︽ᠡᠵᠡᠨ ᠰᠠᠩ︾ ᠤᠩᠰᠢᠵᠤ ᠴᠢᠩᠬᠢᠰ ᠬᠠᠭᠠᠨ ᠤ ᠣᠩᠭᠤᠨ ᠤ ᠠᠭᠤᠷᠠᠭ ᠣᠷᠳᠣᠨ ᠳᠤ ᠲᠠᠶᠢᠯᠭ᠎ᠠ ᠶᠢᠨ ᠶᠣᠰᠣᠯᠠᠯ ᠢ ᠵᠣᠷᠰᠢᠯ ᠶᠣᠰᠣᠭᠠᠷ ᠡᠬᠢᠯᠡᠭᠦᠯᠵᠤ᠂ ᠠᠭᠤᠷᠠᠭ ᠣᠷᠳᠣᠨ ᠳᠠᠬᠢ ᠶᠣᠰᠣᠯᠠᠯ ᠢ ᠬᠦᠢᠴᠡᠳᠭᠡᠭᠰᠡᠨ ᠤ ᠲᠠᠷᠠᠭ᠎ᠠ ᠪᠠᠶᠠᠨᠴᠠᠩᠬᠤᠭ ᠤᠨ  ᠴᠠᠶᠢᠳᠠᠮ ᠳᠤ ᠳᠡᠯᠭᠡᠷᠡᠩᠭᠦᠢ ᠶᠡᠭᠡ ᠨᠠᠭᠤᠷᠯᠠᠬᠤ ᠶᠣᠰᠣᠯᠠᠯ ᠢ ᠶᠠᠪᠣᠭᠳᠠᠭᠤᠯᠪᠠ᠃ ᠳᠠᠷᠬᠠᠳ ᠶᠠᠮᠣᠲᠠᠳ ᠠᠴᠠ ᠶᠡᠷᠡ ᠶᠢᠰᠦᠨ ᠴᠠᠭᠠᠭᠴᠢᠨ ᠭᠡᠭᠦᠳ ᠢᠶᠠᠨ ᠪᠠᠲᠤ ᠵᠡᠯᠡᠨ ᠲᠡᠭᠡᠷ᠎ᠠ ᠣᠶᠠᠵᠤ᠂ ᠤᠨᠠᠭ᠎ᠠ ᠪᠠᠷᠢᠨ ᠭᠡᠭᠦᠤ ᠰᠠᠭᠠᠵᠤ ᠲᠡᠭᠡᠳᠤ ᠲᠡᠭᠷᠢ ᠪᠣᠭᠳᠠ ᠡᠵᠡᠨ ᠳᠤ ᠡᠷᠭᠦᠨ ᠨᠣᠲᠤᠭ ᠤᠰᠣᠨ ᠪᠣᠷᠣᠭᠠᠨ ᠬᠤᠷ᠎ᠡ ᠡᠯᠪᠡᠭ᠂ ᠬᠦᠮᠦᠨ ᠮᠠᠯ ᠠᠮᠣᠷ ᠠᠮᠣᠭᠤᠯᠠᠩ ᠪᠠᠶᠢᠬᠤ ᠪᠠᠨ ᠬᠦᠰᠡᠨ ᠳᠠᠭᠠᠳᠬᠠᠵᠡᠢ᠃        ᠵᠣᠨ ᠤ ᠨᠠᠭᠤᠷ ᠤᠨ ᠶᠡᠭᠡ ᠲᠠᠶᠢᠯᠭ᠎ᠠ ᠶᠢᠨ ᠪᠠᠰᠠ ᠨᠢᠭᠡᠨ ᠴᠢᠬᠤᠯᠠ ᠠᠭᠤᠯᠭ᠎ᠠ ᠪᠣᠯ ︽ᠵᠢᠷᠠᠨ ᠶᠠᠮᠤ ᠳᠤ ᠲᠥᠭᠡᠭᠡᠯ ᠲᠥᠭᠡᠭᠡᠬᠦ︾  ᠶᠠᠪᠣᠳᠠᠯ ᠪᠠᠶᠢᠵᠤ᠂ ᠲᠡᠤᠭᠡᠨ ᠳᠤ ᠭᠠᠪᠢᠶ᠎ᠠ ᠵᠢᠳᠭᠦᠯ ᠦᠵᠡᠭᠦᠯᠦᠭᠰᠡᠨ ᠦᠷᠯᠦᠩ ᠪᠠᠭᠠᠲᠣᠷ ᠤᠳ ᠢ ᠶᠡᠭᠡ ᠲᠠᠶᠢᠯᠭ᠎ᠠ ᠳᠤ ᠮᠠᠭᠲᠠᠨ ᠲᠠᠭᠤᠯᠠᠵᠤ᠂ ᠦᠷ᠎ᠡ ᠬᠤᠶᠢᠴᠡᠰ ᠲᠤ ᠨᠠᠭᠤᠷ ᠤᠨ ᠲᠠᠶᠢᠯᠭ᠎ᠠ ᠶᠢᠨ ᠱᠡᠩ ᠬᠡᠰᠢᠭ ᠢ ᠬᠦᠷᠲᠡᠭᠡᠳᠡᠭ ᠪᠠᠶᠢᠨ᠎ᠡ᠃ ᠴᠢᠩᠬᠢᠰ ᠬᠠᠭᠠᠨ ᠤ ᠣᠩᠭᠤᠨ ᠵᠢᠭᠤᠯᠴᠢᠯᠡᠯ ᠤᠨ ᠣᠷᠣᠨ ᠨᠢ ᠤᠯᠤᠰ ᠤᠨ ᠲᠡᠰ ᠤᠨ ᠪᠣᠳᠠᠰ ᠤᠨ ᠪᠣᠰᠤ ᠰᠣᠶᠣᠯ ᠤᠨ ᠥᠪ ᠪᠣᠯᠬᠤ ᠴᠢᠩᠬᠢᠰ ᠬᠠᠭᠠᠨ ᠤ ᠲᠠᠶᠢᠯᠭ᠎ᠠ ᠲᠠᠬᠢᠯᠭ᠎ᠠ ᠶᠢᠨ ᠶᠣᠰᠤ ᠭᠤᠷᠢᠮ ᠢ ᠤᠯᠠᠮᠵᠢᠯᠠᠯᠲᠤ ᠠᠯᠬᠤᠮ ᠲᠠᠷᠠᠭ᠎ᠠ ᠲᠠᠢ ᠬᠦᠢᠴᠡᠳᠭᠡᠬᠦ ᠪᠠᠷ ᠳᠠᠮᠵᠢᠨ᠂ ᠰᠣᠶᠣᠯ ᠵᠢᠭᠤᠯᠴᠢᠯᠡᠯ ᠤᠨ ᠦᠢᠯᠡᠰ ᠢ ᠨᠡᠩ ᠬᠥᠭᠵᠢᠶᠡᠨ ᠲᠠᠢ ᠪᠣᠯᠭᠠᠵᠤ ᠨᠡᠩ ᠠᠷᠪᠢᠨ ᠬᠦᠮᠦᠰ ᠢ ᠤᠯᠤᠰ ᠤᠨ 5A ᠲᠡᠰ ᠤᠨ ᠵᠢᠭᠤᠯᠴᠢᠯᠡᠯ ᠤᠨ ᠣᠷᠣᠨ ᠪᠣᠯᠬᠤ ᠴᠢᠩᠬᠢᠰ ᠬᠠᠭᠠᠨ ᠤ ᠣᠩᠭᠤᠨ ᠳᠤ ᠲᠣᠭᠤᠷᠢᠨ ᠵᠢᠭᠤᠯᠴᠢᠯᠠᠬᠤ ᠶᠢ ᠬᠦᠰᠡᠵᠤ ᠪᠠᠶᠢᠨ᠎ᠡ᠃ 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ