《ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ 》᠎ ᠤ ᠣᠯᠠᠨ ᠲᠦᠮᠡᠨ ᠤ ᠳᠤᠭᠤᠶᠢᠯᠠᠩ ᠤᠨ ᠰᠠᠭᠰᠤᠨ ᠪᠥᠮᠪᠦᠭᠡ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/7/31
      7 ᠳ᠋ᠤᠭᠠᠷ ᠰᠠᠷ᠎ᠠ ᠶᠢᠨ 28᠎ ᠤ ᠡᠳᠦᠷ ᠠᠴᠠ 8 ᠳ᠋ᠤᠭᠠᠷ ᠰᠠᠷ᠎ᠠ ᠶᠢᠨ 6᠎ ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠣᠯᠠᠨ ᠲᠦᠮᠡᠨ ᠤ ᠳᠤᠭᠤᠶᠢᠯᠠᠩ ᠤᠨ ᠰᠠᠭᠰᠤᠨ ᠪᠥᠮᠪᠦᠭᠡ ᠶᠢᠨ ᠤᠷᠤᠯᠳᠤᠭᠠᠨ ᠡᠵᠡᠨ ᠬᠤᠷᠤᠭ᠎ᠠ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ ᠡᠬᠢᠯᠡᠪᠡ᠃      ᠤᠷᠤᠯᠳᠤᠭᠠᠨ ᠤ ᠲᠠᠯᠠᠪᠠᠢ ᠳᠤ᠂ ᠡᠯ᠎ᠡ ᠤᠷᠤᠯᠳᠤᠭᠠᠨ ᠳᠤ ᠣᠷᠣᠯᠴᠠᠭᠰᠠᠳ ᠪᠠᠶᠢᠯᠳᠤᠬᠤ ᠪᠣᠳᠣᠯᠭ᠎ᠠ ᠪᠠ ᠪᠠᠶᠢᠯᠳᠤᠬᠤ ᠠᠷᠭ᠎ᠠ ᠪᠠᠨ ᠭᠦᠢᠴᠡᠳ ᠢᠯᠡᠷᠡᠭᠦᠯᠵᠦ᠂ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠦᠳᠲᠡᠷ ᠲᠦᠷᠭᠡᠨ ᠤᠷᠬᠢᠯ ᠳᠤᠨᠢ ᠬᠦᠷᠴᠦ᠂ ᠦᠵᠡᠭᠴᠢᠳ ᠤᠨ ᠤᠷᠠᠶᠢᠯᠠᠬᠤ ᠳᠠᠭᠤᠨ᠂ ᠠᠯᠠᠭ᠎ᠠ ᠲᠡᠰᠢᠯᠲᠡ ᠲᠠᠰᠤᠷᠠᠭ᠎ᠠ ᠦᠭᠡᠢ  ᠪᠠᠶᠢᠪᠠ᠃      ᠲᠣᠰ ᠤᠳᠠᠭᠠᠨ ᠤ ᠤᠷᠤᠯᠳᠤᠭᠠᠨ ᠳᠤ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ ᠵᠡᠷᠭᠡ 11 ᠠᠶᠢᠮᠠᠭ ᠬᠤᠲᠠ ᠶᠢᠨ 159 ᠲᠠᠮᠢᠷᠴᠢᠨ ᠣᠷᠣᠯᠴᠠᠵᠠᠶ᠃           
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ