ᠡᠵᠡᠨ ᠬᠤᠷᠤᠭ᠎ᠠ ᠬᠤᠰᠢᠭᠤ ᠲᠠᠯ᠎ᠠ ᠨᠤᠲᠤᠭ ᠤᠨ ᠨᠣᠮ ᠤᠨ ᠦᠷᠦᠭᠡ ᠶᠢᠨ ᠭᠤᠤᠯ ᠨᠣᠮ ᠤᠨ ᠦᠷᠦᠭᠡ ᠳᠤ ᠲᠥᠪᠯᠡᠷᠡᠭᠦᠯᠦᠨ ᠫᠠᠶᠢᠰᠠ ᠣᠯᠭᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/7/5
      7 ᠳ᠋ᠤᠭᠠᠷ ᠰᠠᠷ᠎ᠠ ᠶᠢᠨ 4᠎ ᠤ ᠡᠳᠦᠷ᠂ ᠡᠵᠡᠨ ᠬᠤᠷᠤᠭ᠎ᠠ ᠬᠤᠰᠢᠭᠤᠨ ᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠭᠤᠤᠯ ᠨᠣᠮ ᠤᠨ ᠦᠷᠦᠭᠡ ᠳᠤ ᠲᠥᠪᠯᠡᠷᠡᠭᠦᠯᠦᠨ ᠫᠠᠶᠢᠰᠠ ᠣᠯᠭᠤᠬᠤ ᠶᠣᠰᠣᠯᠠᠯ ᠬᠤᠰᠢᠭᠤᠨ ᠤ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠳᠤ ᠶᠠᠪᠤᠬᠳᠠᠭᠤᠯᠪᠠ᠃       ᠶᠣᠰᠣᠯᠠᠯ ᠳᠡᠭᠡᠷ᠎ᠡ᠂ 2022 ᠣᠨ᠂ 2023 ᠣᠨ ᠳᠤ ᠭᠤᠶᠤᠴᠢᠯᠠᠨ ᠪᠠᠶᠢᠭᠤᠯᠤᠭᠰᠠᠨ 11 ᠲᠠᠯ᠎ᠠ ᠨᠤᠲᠤᠭ ᠤᠨ ᠨᠣᠮ ᠤᠨ ᠥᠷᠥᠭᠡ ᠶᠢᠨ ᠭᠤᠤᠯ ᠨᠣᠮ ᠤᠨ ᠦᠷᠦᠭᠡ ᠳᠤ ᠫᠠᠶᠢᠰᠠ ᠣᠯᠭᠤᠭᠰᠠᠨ ᠪᠥᠭᠡᠳ ᠨᠣᠮ ᠪᠢᠴᠢᠭ ᠬᠦᠷᠭᠡᠨ ᠦᠭᠬᠦᠭᠰᠡᠨ ᠪᠠᠶᠢᠨ᠎ᠠ᠃ ᠡᠵᠡᠨ ᠬᠤᠷᠤᠭ᠎ᠠ ᠬᠤᠰᠢᠭᠤᠨ ᠤ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠲᠠᠯ᠎ᠠ ᠨᠤᠲᠤᠭ ᠤᠨ ᠨᠣᠮ ᠤᠨ ᠥᠷᠥᠭᠡ ᠶᠢᠨ ᠭᠤᠤᠯ ᠨᠣᠮ ᠤᠨ ᠦᠷᠦᠭᠡ ᠨᠢ 2023 ᠣᠨ ᠳᠤ ᠰᠢᠨ᠎ᠡ ᠪᠠᠷ ᠨᠡᠮᠡᠵᠦ ᠪᠠᠶᠢᠭᠤᠯᠤᠭᠰᠠᠨ ᠰᠤᠷᠭᠠᠭᠤᠯᠢ ᠶᠢᠨ ᠬᠦᠷᠢᠶᠡᠨ ᠤ ᠭᠤᠤᠯ ᠨᠣᠮ ᠤᠨ ᠦᠷᠦᠭᠡ ᠪᠠᠶᠢᠵᠤ᠂ ᠭᠤᠷᠪᠠᠨ ᠲᠦᠮᠡ ᠭᠠᠷᠤᠶ ᠳᠡᠪᠲᠡᠷ ᠨᠤᠮ ᠤᠨ ᠬᠠᠳᠠᠭᠠᠯᠠᠭᠳᠠᠴᠠ ᠲᠠᠢ᠂ ᠰᠤᠷᠤᠭᠴᠢ ᠪᠦᠷᠢ ᠳᠤᠮᠳᠠᠴᠢ ᠪᠠᠷ 40 ᠨᠣᠮ ᠢ ᠡᠳ᠋ᠯᠡᠵᠦ ᠪᠤᠯᠬᠤ ᠪᠥᠭᠡᠳ ᠲᠣᠰ ᠤᠳᠠᠭᠠᠨ ᠤ ᠨᠣᠮ ᠪᠢᠴᠢᠭ ᠬᠦᠷᠭᠡᠬᠦ ᠠᠵᠢᠯᠯᠠᠭ᠎ᠠ ᠳᠤᠮᠳᠠ ᠦᠪᠡᠷ ᠢᠶᠠᠨ ᠰᠣᠩᠭᠤᠭᠰᠠᠨ ᠮᠣᠩᠭᠤᠯ ᠬᠢᠲᠠᠳ ᠨᠣᠮ ᠪᠢᠴᠢᠭ ᠢ 400 ᠭᠠᠷᠤᠶ ᠳᠡᠪᠲᠡᠷ ᠣᠯᠵᠤ᠂ ᠰᠤᠷᠭᠠᠭᠤᠯᠢ ᠶᠢᠨ ᠬᠦᠷᠢᠶᠡᠨ ᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠭᠤᠤᠯ ᠨᠣᠮ ᠤᠨ ᠦᠷᠦᠭᠡ ᠨᠢ ᠨᠡᠭᠡᠭᠡᠯᠲᠡᠲᠦ ᠮᠠᠶ᠋ᠢᠭ ᠤᠨ ᠬᠠᠮᠢᠶᠠᠷᠤᠯᠲᠠ᠂ ᠬᠥᠮᠥᠡᠯᠢᠭ ᠴᠢᠨᠠᠷᠲᠠᠶ ᠤᠶᠢᠯᠡᠴᠢᠯᠡᠭᠡ ᠬᠢᠵᠤ᠂ ᠰᠤᠷᠤᠭᠴᠢᠳ ᠤᠨ ᠤᠩᠰᠢᠯᠭ᠎ᠠ ᠶᠢᠨ  ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ ᠪᠠᠶᠢᠨ᠎ᠠ᠃       ᠣᠶᠢᠷ᠎ᠠ ᠶᠢᠨ ᠵᠢᠯ ᠠᠴᠠ ᠨᠠᠰᠢ᠂ ᠡᠵᠡᠨ ᠬᠤᠷᠤᠭ᠎ᠠ ᠬᠤᠰᠢᠭᠤ ︽ᠣᠯᠠᠨ ᠲᠦᠮᠡᠨ ᠬᠠᠮᠢᠭ᠎ᠠ ᠪᠠᠶᠢᠪᠠᠯ᠂ ᠨᠣᠮ ᠪᠢᠴᠢᠭ ᠬᠠᠮᠢᠭ᠎ᠠ ᠪᠠᠶᠢᠬᠤ︾ ᠵᠠᠷᠴᠢᠮ ᠢ ᠪᠠᠷᠢᠮᠲᠠᠯᠠᠨ᠂ ᠲᠠᠯ᠎ᠠ ᠨᠤᠲᠤᠭ ᠤᠨ 11 ᠨᠣᠮ ᠤᠨ ᠥᠷᠥᠭᠡ ᠶᠢ ᠲᠠᠰ ᠳᠡᠪᠰᠢᠭᠦᠯᠦᠨ ᠲᠠᠯ᠎ᠠ ᠨᠤᠲᠤᠭ ᠤᠨ ᠨᠣᠮ ᠤᠨ ᠥᠷᠥᠭᠡ ᠶᠢᠨ ᠭᠤᠤᠯ ᠨᠣᠮ ᠤᠨ ᠦᠷᠦᠭᠡ ᠪᠣᠯᠭᠠᠨ ᠪᠥᠲᠥᠭᠡᠨ ᠪᠠᠶᠢᠭᠤᠯᠵᠤ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠰᠣᠶᠣᠯ ᠤᠨ ᠨᠥᠯᠥᠭᠡᠯᠡᠬᠦ ᠤᠶᠢᠯᠡᠳᠤᠯ ᠢ ᠲᠠᠰᠤᠷᠠᠯᠲᠠ ᠥᠬᠡᠶ ᠨᠡᠮᠡᠭᠳᠡᠭᠦᠯᠦᠨ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠡᠷᠡᠭᠯᠡᠯᠲᠡ ᠶᠢᠨ ᠬᠦᠴᠦᠨ ᠴᠢᠳᠠᠪᠤᠷᠢ ᠪᠠ ᠤᠶᠢᠯᠡᠴᠢᠯᠡᠭᠡᠨ ᠤ ᠬᠦᠴᠦᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃  ᠲᠠᠷᠠᠭᠠᠴᠢ ᠶᠢᠨ ᠠᠯᠬᠤᠮ ᠳᠤ᠂ ᠫᠠᠶᠢᠰᠠ ᠣᠯᠭᠤᠭᠰᠠᠨ ᠲᠠᠯ᠎ᠠ ᠨᠤᠲᠤᠭ ᠤᠨ ᠨᠣᠮ ᠤᠨ ᠥᠷᠥᠭᠡ ᠶᠢᠨ ᠲᠣᠰ ᠪᠡᠶ᠎ᠡ ᠶᠢᠨ ᠰᠣᠶᠣᠯ ᠤᠨ ᠰᠠᠭᠤᠷᠢᠨ ᠤ ᠤᠶᠢᠯᠡᠳᠤᠯ ᠢᠶᠠᠨ ᠬᠦᠢᠴᠡᠳ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ᠂ ᠰᠣᠶᠣᠯ ᠤᠨ ᠤᠶᠢᠯᠡᠴᠢᠯᠡᠭᠡ ᠲᠠᠢ ᠤᠶᠠᠯᠳᠤᠭᠤᠯᠤᠨ᠂ ᠣᠯᠠᠨ ᠶᠠᠩᠵᠤ ᠬᠡᠯᠪᠡᠷᠢ ᠶᠢᠨ᠂ ᠡᠯᠪᠡᠭ ᠪᠠᠶᠠᠯᠢᠭ ᠤᠩᠰᠢᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠥᠬᠦ ᠠᠷᠠᠳ ᠤᠨ ᠤᠩᠰᠢᠯᠭ᠎ᠠ ᠶᠢ ᠦᠷᠭᠦᠯᠵᠢᠯᠡᠨ ᠠᠬᠢᠭᠤᠯᠵᠤ᠂ ᠦᠨᠳᠦᠰᠦᠨ ᠱᠠᠲᠤᠨ ᠤ ᠰᠣᠶᠣᠯ ᠤᠨ ᠬᠦᠷᠤᠯᠴᠡᠬᠦ ᠦᠭᠡᠢ ᠲᠠᠯ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠪᠠᠷ ᠪᠠᠶᠢᠨ᠎ᠠ᠃       ᠲᠣᠰ ᠤᠳᠠᠭᠠᠨ ᠤ ᠠᠵᠢᠯᠯᠠᠭ᠎ᠠ ᠶᠢ ᠬᠤᠰᠢᠭᠤᠨ ᠤ ᠤᠬᠠᠭᠤᠯᠬᠤ ᠬᠡᠯᠲᠡᠰ᠂ ᠬᠤᠰᠢᠭᠤᠨ ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠲᠣᠪᠴᠢᠶ᠎ᠠ ᠠᠴᠠ ᠭᠤᠤᠯᠯᠠᠨ ᠡᠷᠭᠢᠯᠡᠪᠡ᠃                     
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ