ᠡᠵᠡᠨ ᠬᠤᠷᠤᠭ᠎ᠠ ᠬᠤᠰᠢᠭᠤᠨ ᠤ ᠮᠣᠩᠭᠤᠯ ᠦᠨᠳᠦᠰᠦᠲᠡᠨ ᠤ ᠬᠡᠤᠭᠡᠳ ᠤᠨ ᠴᠡᠴᠡᠷᠯᠢᠭ ᠲᠡᠭᠦᠰᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/7/6
    ᠲᠡᠯᠭᠡᠷ ᠵᠣᠨ ᠰᠠᠭᠠᠲᠠᠵᠤ᠂ ᠰᠣᠷᠭᠠᠭᠤᠯᠢ ᠶᠢᠨ ᠬᠦᠷᠢᠶ᠎ᠡ ᠪᠠᠷ ᠲᠡᠭᠦᠰᠬᠦ ᠮᠦᠴᠠ ᠪᠣᠯᠵᠤ ᠪᠠᠶᠢᠭ᠎ᠠ ᠡᠨᠡᠬᠦ ᠭᠱᠠᠨ ᠳᠤ᠂ ᠡᠵᠡᠨ ᠬᠤᠷᠤᠭ᠎ᠠ ᠬᠤᠰᠢᠭᠤᠨ ᠤ ᠮᠣᠩᠭᠤᠯ ᠦᠨᠳᠦᠰᠦᠲᠡᠨ ᠤ ᠬᠡᠤᠭᠡᠳ ᠤᠨ ᠴᠡᠴᠡᠷᠯᠢᠭ ᠨᠢ ᠥᠪᠡᠳᠡᠭᠰᠢ ᠶᠡᠭᠡ ᠲᠡᠭᠦᠰᠬᠦ ᠶᠣᠰᠣᠯᠠᠯ ᠢ ᠡᠵᠡᠨ ᠬᠤᠷᠤᠭ᠎ᠠ ᠬᠤᠰᠢᠭᠤᠨ ᠤ ᠮᠣᠩᠭᠤᠯ ᠦᠨᠳᠦᠰᠦᠲᠠᠨ ᠤ ᠪᠠᠭ᠎ᠠ ᠰᠣᠷᠭᠠᠭᠤᠯᠢ ᠶᠢᠨ ᠮᠡᠳᠡᠭᠦᠯᠦᠯᠲᠡ ᠶᠢᠨ ᠲᠠᠩᠬᠢᠮ ᠳᠤ ᠶᠠᠪᠣᠭᠳᠠᠭᠤᠯᠵᠤ᠂ ᠶᠡᠭᠡ ᠠᠩᠭᠢ ᠶᠢᠨ ᠬᠡᠤᠭᠡᠳ᠂ ᠭᠡᠷ ᠤᠨ ᠠᠬᠠᠮᠠᠳ ᠪᠠᠭᠰᠢ ᠨᠠᠷ ᠡᠨᠡᠬᠦ ᠨᠠᠨᠳᠢᠨ ᠮᠦᠷᠲᠡᠭᠡᠨ ᠲᠣᠷᠠᠰᠬᠠᠯᠲᠤ ᠮᠦᠴᠠ ᠪᠠᠨ ᠬᠠᠮᠳᠣᠪᠡᠷ ᠪᠠᠶᠠᠷ ᠬᠦᠷ ᠲᠠᠢ ᠲᠡᠮᠲᠡᠭᠯᠡᠵᠡᠢ᠃     ᠲᠡᠭᠦᠰᠬᠦ ᠶᠣᠰᠣᠯᠠᠯ ᠢᠶᠠᠷ ᠤᠷᠠᠨ ᠰᠠᠶᠢᠬᠠᠨ ᠤ ᠲᠣᠭᠯᠠᠯᠲᠠ ᠭᠠᠷᠭᠠᠵᠦ᠂ ᠬᠡᠤᠭᠡᠳ ᠲᠤ ᠴᠡᠴᠡᠷᠯᠢᠭ ᠲᠡᠭᠦᠰᠦᠭᠰᠡᠨ ᠲᠣᠷᠠᠰᠬᠠᠯ ᠤᠨ ᠬᠠᠭᠤᠳᠠᠰᠤ ᠲᠠᠷᠬᠠᠭᠠᠨ᠂ ᠪᠠᠭᠰᠢ ᠨᠠᠷ ᠲᠤ ᠪᠠᠨ ᠰᠤᠷᠭᠤᠭ ᠴᠡᠴᠡᠭ ᠪᠡᠯᠡᠭᠯᠡᠵᠦ᠂ ᠬᠡᠤᠭᠡᠳ ᠭᠡᠷ ᠤᠨ ᠠᠬᠠᠮᠠᠳ ᠪᠠᠭᠰᠢ ᠨᠠᠷ ᠬᠠᠮᠳᠣᠪᠡᠷ ᠢᠶᠠᠨ ᠪᠠᠶᠠᠷ ᠬᠦᠷ ᠤᠨ ᠲᠤᠮᠳᠡ ᠲᠡᠭᠦᠰᠬᠦ ᠶᠣᠰᠣᠯᠠᠯ ᠢᠶᠠᠨ ᠬᠦᠢᠴᠡᠳᠭᠡᠪᠡ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ