ᠤᠯᠠᠭᠠᠨᠮᠦ᠋ᠷᠡᠨ  ᠪᠠᠯᠭᠠᠰᠤ
ᠨᠡᠶᠢᠲᠡᠯᠡᠭᠰᠡᠨ ᠴᠠᠭ᠄
2023/8/20
      ᠤᠯᠠᠭᠠᠨᠮᠦ᠋ᠷᠡᠨ ᠪᠠᠯᠭᠠᠰᠤ ᠪᠣᠯ ᠣᠷᠳᠣᠰ ᠬᠤᠳᠠ ᠶᠢᠨ ᠡᠵᠡᠨ ᠬᠤᠷᠤᠭ᠎ᠠ ᠬᠤᠰᠢᠭᠤᠨ ᠤ ᠵᠡᠭᠦᠨ ᠡᠮᠦᠨ᠎ᠡ ᠬᠡᠰᠡᠭ ᠲᠤ ᠪᠠᠶᠢᠷᠢᠯᠠᠵᠤ᠂ ᠱᠠᠨᠰᠢ ᠮᠤᠵᠢ ᠶᠢᠨ ᠳ᠋ᠠ ᠯᠢᠦ ᠲᠠ ᠲᠤᠷᠰᠢᠯᠲᠠ ᠶᠢᠨ ᠣᠷᠣᠨ ᠲᠠᠢ ᠭᠤᠣᠯ ᠠᠯᠤᠰᠯᠠᠨ ᠨᠢᠭᠤᠷᠯᠠᠵᠤ ᠪᠠᠶᠢᠳᠠᠭ᠃ ᠪᠥᠬᠦ ᠪᠠᠯᠭᠠᠰᠤᠨ ᠤ ᠶᠡᠷᠦᠩᠬᠡᠢ ᠲᠠᠯᠠᠪᠠᠶ ᠨᠢ 726 ᠲᠡᠭᠰᠢ ᠳᠥᠷᠪᠡᠯᠵᠢᠨ ᠺᠢᠯᠣᠮᠧᠲᠷ᠂ ᠪᠠᠯᠭᠠᠰᠤᠨ ᠤ ᠲᠣᠭᠤᠷᠢᠭ ᠤᠨ ᠲᠥᠯᠥᠪᠵᠢᠭᠦᠯᠦᠭᠰᠡᠨ ᠲᠠᠯᠠᠪᠠᠶ ᠨᠢ 13 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠬᠠᠷᠢᠶᠠᠨ ᠳᠤ 16 ᠵᠠᠰᠠᠭ ᠵᠠᠬᠢᠷᠭᠠᠨ ᠤ ᠲᠣᠰᠬᠤᠨ᠂ 108 ᠲᠣᠰᠬᠤᠨ ᠤ ᠠᠷᠠᠳ ᠤᠨ ᠳᠤᠭᠤᠶᠢᠯᠠᠩ᠂ 4 ᠨᠡᠶᠢᠭᠡᠮ ᠲᠣᠭᠤᠷᠢᠭ ᠲᠠᠢ᠃ ᠪᠥᠬᠦ ᠪᠠᠯᠭᠠᠰᠤᠨ ᠤ ᠪᠠᠶᠢᠩᠭᠤ ᠰᠠᠭᠤᠭ᠎ᠠ ᠬᠥᠮᠥᠨ ᠠᠮᠠ 5.3 ᠲᠦᠮᠡ ᠪᠠᠶᠢᠵᠤ᠂ ᠡᠷᠦᠬᠡ ᠠᠮᠠ ᠶᠢᠨ ᠲᠠᠩᠰᠠ ᠲᠠᠢ ᠬᠥᠮᠥᠨ ᠠᠮᠠ 29713 ︵ᠲᠠᠷᠢᠶᠠᠴᠢᠨ ᠡᠷᠦᠬᠡ 19811 ᠬᠥᠮᠥᠨ᠂ ᠲᠠᠷᠢᠶᠠᠴᠢᠨ ᠡᠷᠦᠬᠡ ᠪᠤᠰᠤ ᠡᠷᠦᠬᠡ 9902︶ ᠪᠠᠶᠢᠨ᠎ᠠ᠃ ᠬᠢᠯᠢ ᠶᠢᠨ ᠳᠣᠲᠣᠷ᠎ᠠ ᠪᠠᠭ᠎ᠠ ᠰᠤᠷᠭᠠᠭᠤᠯᠢ 4᠂ ᠬᠡᠦᠬᠡᠳ ᠤᠨ ᠴᠡᠴᠡᠷᠯᠢᠭ 5᠂ ᠡᠷᠡᠭᠦᠯ ᠬᠠᠮᠠᠭᠠᠯᠠᠯ ᠤᠨ ᠬᠤᠷᠢᠶ᠎ᠠ 3᠂ ᠪᠠᠯᠭᠠᠰᠤᠨ ᠳᠤ ᠰᠠᠭᠤᠭ᠎ᠠ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 2700 ᠭᠠᠷᠤᠢ ᠪᠠᠶᠢᠵᠤ᠂ ᠡᠭᠦᠨ ᠳᠤ ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ 180᠂ ᠵᠢᠵᠢᠭ ᠪᠢᠴᠢᠯ ᠠᠵᠤ ᠠᠬᠤᠶᠢᠯᠠᠯ 402᠂ ᠨᠡᠭᠦᠷᠡᠰᠦᠨ ᠠᠭᠤᠷᠬᠠᠢ 24᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ 4᠂ ᠲᠣᠰᠣ ᠨᠡᠮᠡᠬᠦ ᠥᠷᠲᠡᠭᠡ 22᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 2000 ᠭᠠᠷᠤᠢ ᠪᠠᠶᠢᠵᠤ᠂ ᠠᠵᠤ ᠠᠬᠤᠶᠢᠯᠠᠯ ᠤᠨ ᠠᠵᠢᠯᠲᠠᠨ ᠪᠠᠷᠤᠭ 5.1 ᠲᠦᠮᠡ ᠪᠠᠶᠢᠨ᠎ᠠ᠃ 2021 ᠣᠨ ᠤ ᠪᠥᠬᠦ ᠵᠢᠯ ᠳᠤ ᠪᠥᠬᠦ ᠰᠢᠰᠲ᠋ᠧᠮ ᠤᠨ ᠭᠠᠶᠢᠯᠢ ᠶᠢᠨ ᠣᠷᠣᠯᠭ᠎ᠠ ᠶᠢ 166.19 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ ᠬᠤᠰᠢᠭᠤᠨ ᠤ 55.21%᠎ ᠶᠢ ᠡᠵᠡᠯᠡᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 35.11 ᠳ᠋ᠦᠩᠰᠢᠭᠤᠷ ᠲᠥᠭᠦᠷᠢᠭ ᠪᠡᠶᠡᠯᠡᠭᠦᠯᠵᠦ᠂ 2018 ᠣᠨ ᠤ 8 ᠰᠠᠷ᠎ᠠ ᠳᠤ ᠪᠥᠬᠦ ᠤᠯᠤᠰ ᠤᠨ ᠠᠵᠤ ᠠᠬᠤᠢ ᠬᠥᠭᠵᠢᠭᠰᠡᠨ ᠪᠠᠯᠭᠠᠰᠤᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠭᠠᠵᠠᠷ ᠣᠷᠣᠨ ᠢᠶᠠᠷ ᠠᠮᠵᠢᠯᠲᠠ ᠲᠠᠢ ᠵᠥᠪᠰᠢᠶᠡᠷᠡᠭᠳᠡᠵᠡᠢ᠃       ᠤᠯᠠᠭᠠᠨᠮᠦ᠋ᠷᠡᠨ ᠪᠠᠯᠭᠠᠰᠤᠨ ᠤ ᠨᠠᠮ ᠤᠨ ᠬᠤᠷᠢᠶ᠎ᠠ ᠳᠤ 26 ᠨᠠᠮ ᠤᠨ ᠡᠭᠦᠷ ᠬᠠᠷᠢᠶᠠᠯᠠᠭᠳᠠᠵᠤ᠂ ᠨᠡᠶᠢᠲᠡ 862 ᠨᠠᠮ ᠤᠨ ᠭᠡᠰᠢᠭᠦᠨ ᠲᠠᠢ᠃ 2021 ᠣᠨ ᠳᠤ ᠪᠥᠬᠦ ᠪᠠᠯᠭᠠᠰᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ 2.48 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ 1.5 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠨᠢ 1.500 ᠲᠦᠮᠡᠨ ᠲᠥᠭᠦᠷᠢᠭ ᠠᠴᠠ ᠳᠡᠭᠡᠭᠰᠢᠬᠢ ᠨᠢ 2 ᠪᠠᠶᠢᠵᠤ᠂ 200 ᠲᠦᠮᠡᠨ ᠲᠥᠭᠦᠷᠢᠭ ᠠᠴᠠ ᠳᠡᠭᠡᠭᠰᠢᠬᠢ ᠨᠢ 2 ᠪᠠᠶᠢᠵᠤ᠂ ᠪᠤᠰᠤᠳ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠨᠢ ᠴᠥᠮ 10 ᠲᠦᠮᠡᠨ ᠲᠥᠭᠦᠷᠢᠭ ᠠᠴᠠ ᠳᠡᠭᠡᠭᠰᠢ ᠳᠤ ᠬᠥᠷᠪᠡ᠃       ᠤᠯᠠᠭᠠᠨᠮᠦ᠋ᠷᠡᠨ ᠪᠠᠯᠭᠠᠰᠤ ᠶᠢᠨ ᠣᠷᠣᠨ ᠪᠠᠶᠢᠷᠢ ᠶᠢᠨ ᠣᠷᠴᠢᠨ ᠲᠣᠭᠤᠷᠢᠨ ᠨᠢ ᠳᠠᠪᠠᠭᠤᠯᠢᠭ᠂ ᠬᠥᠬᠡᠬᠤᠲᠠ ︱ ᠪᠤᠭᠤᠲᠤ︱ᠣᠷᠳᠣᠰ ᠤᠨ ᠣᠷᠣᠨ ᠳᠤ ᠪᠠᠶᠢᠷᠢᠯᠠᠨ᠎ᠠ᠃ ᠬᠢᠯᠢ ᠶᠢᠨ ᠳᠣᠲᠣᠷ᠎ᠠ ᠠᠯᠳᠠᠨᠰᠢᠷᠡᠭᠡ ᠠᠴᠠ ᠳ᠋ᠠ ᠯᠢᠦ ᠲᠠ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ ᠪᠤᠭᠤᠲᠤ ᠠᠴᠠ ᠮᠤᠤᠮᠢᠩ ᠬᠦᠷᠬᠦ ᠲᠦᠷᠭᠡᠨ ᠤ ᠵᠠᠮ᠂ ᠪᠤᠭᠤᠲᠤ ᠠᠴᠠ ᠲᠡᠮᠡᠬᠡᠳᠦ ᠬᠦᠷᠬᠦ ᠲᠡᠮᠦᠷ ᠵᠠᠮ᠂ ᠪᠤᠭᠤᠲᠤ ᠠᠴᠠ ᠰᠢ ᠠᠨ ᠬᠦᠷᠬᠦ ᠲᠡᠮᠦᠷ ᠵᠠᠮ ᠪᠣᠯᠣᠨ ᠡᠵᠡᠨ ᠬᠤᠷᠤᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠢ ᠨᠠᠪᠲᠠᠷᠡᠭᠦᠯᠵᠦ᠂ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠠᠶᠠᠯᠠᠯ ᠢ ᠨᠢᠭᠡ ᠴᠣᠭᠴᠠᠵᠢᠭᠤᠯᠤᠭᠰᠠᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠢ ᠪᠦᠷᠢᠯᠳᠦᠭᠦᠯᠵᠦ᠂ ᠡᠵᠡᠨ ᠬᠤᠷᠤᠭ᠎ᠠ ᠬᠤᠰᠢᠭᠤ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠴᠢᠬᠤᠯᠠ ᠵᠠᠮ ᠬᠠᠷᠢᠯᠴᠠᠭᠠᠨ ᠤ ᠬᠦᠢᠰᠦ ᠪᠣᠯᠤᠭᠰᠠᠨ ᠪᠠᠶᠢᠨ᠎ᠠ᠃        ᠤᠯᠠᠭᠠᠨᠮᠦ᠋ᠷᠡᠨ ᠪᠠᠯᠭᠠᠰᠤᠨ ᠤ ᠬᠢᠯᠢ ᠳᠣᠲᠣᠷ᠎ᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ︽ᠨᠡᠷᠡᠨ ᠴᠢᠯᠠᠭᠤᠨ ᠤ ᠨᠤᠲᠤᠭ︾ ᠭᠡᠰᠡᠨ ᠰᠠᠶᠢᠬᠠᠨ ᠨᠡᠷ᠎ᠡ ᠲᠠᠢ ᠪᠠᠶᠢᠳᠠᠭ᠂ ᠨᠡᠭᠦᠷᠡᠰᠦᠨ ᠤ ᠬᠠᠶᠢᠨ ᠲᠣᠳᠣᠯᠠᠭᠰᠠᠨ ᠬᠠᠳᠠᠭᠠᠯᠠᠭᠳᠠᠴᠠ ᠨᠢ ᠨᠢᠭᠡᠨᠲᠡ ᠵᠠᠭᠤᠨ ᠳ᠋ᠦᠩᠰᠢᠭᠤᠷ ᠲᠣᠨ ᠳᠤ ᠬᠦᠷᠦᠭᠰᠡᠨ ᠪᠥᠭᠡᠳ ᠲᠤᠤᠷ᠎ᠠ ᠦᠨᠡᠰᠦ᠂ ᠬᠦᠬᠦᠷ᠂ ᠹᠣᠰᠹᠣᠷ ᠲᠠᠢ᠂ ᠢᠯᠴᠢ ᠶᠡᠬᠡᠲᠡᠢ ᠣᠨᠴᠠ ᠴᠢᠨᠠᠷ ᠲᠠᠢ ᠪᠠᠶᠢᠵᠤ᠂ ︽ᠭᠤᠷᠪᠠᠨ ᠳᠣᠣᠷ᠎ᠠ ᠨᠢᠭᠡ ᠥᠨᠳᠥᠷ︾ ᠭᠡᠳᠡᠭ ᠢᠶᠠᠷ ᠢᠶᠠᠨ ᠤᠯᠤᠰ ᠤᠨ ᠳᠣᠲᠣᠭᠠᠳᠤ ᠭᠠᠳᠠᠭᠠᠳᠤ ᠳᠤ ᠨᠡᠷ᠎ᠡ ᠠᠯᠳᠠᠷᠰᠢᠵᠤ᠂ ᠤᠯᠤᠰ ᠤᠨ ᠡᠨᠧᠷᠭᠢ ᠶᠢᠨ ᠪᠦᠯᠦᠭᠯᠡᠯ ᠤᠨ ᠱᠧᠨ ᠳ᠋ᠦᠩ ᠨᠡᠭᠦᠷᠡᠰᠦᠨ ᠤ ᠪᠦᠯᠦᠭᠯᠡᠯ ᠤᠨ ᠭᠤᠣᠯ ᠮᠠᠯᠲᠠᠯᠲᠠ ᠶᠢᠨ ᠣᠷᠣᠨ ᠪᠣᠯᠤᠭᠰᠠᠨ ᠪᠠᠶᠢᠨ᠎ᠠ᠃ ᠬᠢᠯᠢ ᠶᠢᠨ ᠳᠣᠲᠣᠷ᠎ᠠ ᠨᠡᠶᠢᠲᠡ 24 ᠨᠡᠭᠦᠷᠡᠰᠦᠨ ᠠᠭᠤᠷᠬᠠᠢ ᠲᠠᠢ᠂ ᠵᠢᠯ ᠤᠨ ᠦᠢᠯᠡᠳᠪᠦᠷᠢᠯᠡᠬᠦ ᠴᠢᠳᠠᠪᠤᠷᠢ ᠨᠢ 1.1965 ᠳ᠋ᠦᠩᠰᠢᠭᠤᠷ ᠲᠣᠨ ︵ᠱᠧᠨ ᠳ᠋ᠦᠩ ᠺᠣᠮᠫᠠᠨᠢ ᠶᠢᠨ ᠨᠡᠭᠦᠷᠡᠰᠦᠨ ᠠᠭᠤᠷᠬᠠᠢ 7᠂ ᠦᠢᠯᠡᠳᠪᠦᠷᠢᠯᠡᠬᠦ ᠴᠢᠳᠠᠪᠤᠷᠢ ᠨᠢ 7900 ᠲᠦᠮᠡᠨ ᠲᠣᠨ\ ᠵᠢᠯ︔ ᠣᠷᠣᠨ ᠨᠤᠲᠤᠭ ᠤᠨ ᠠᠭᠤᠷᠬᠠᠢ ᠶᠢᠨ ᠬᠤᠳᠳᠤᠭ ᠤᠨ ᠠᠵᠤ ᠦᠢᠯᠡᠳᠪᠦᠷᠢ ᠶᠢᠨ ᠨᠡᠭᠦᠷᠡᠰᠦᠨ ᠠᠭᠤᠷᠬᠠᠢ 12 ᠰᠠᠭᠤᠷᠢ ᠪᠠᠶᠢᠵᠤ ᠂ ᠦᠢᠯᠡᠳᠪᠦᠷᠢᠯᠡᠬᠦ ᠴᠢᠳᠠᠪᠤᠷᠢ ᠨᠢ ᠵᠢᠯ ᠳᠤ 3555 ᠲᠦᠮᠡᠨ ᠲᠣᠨ ᠪᠣᠯᠣᠨ᠎ᠠ︔ ᠣᠷᠣᠨ ᠨᠤᠲᠤᠭ ᠤᠨ ᠵᠠᠳᠠᠭᠠᠢ ᠨᠡᠭᠦᠷᠡᠰᠦᠨ ᠠᠭᠤᠷᠬᠠᠢ 5 ᠰᠠᠭᠤᠷᠢ ᠪᠠᠶᠢᠵᠤ᠂ ᠦᠢᠯᠡᠳᠪᠦᠷᠢᠯᠡᠬᠦ ᠴᠢᠳᠠᠪᠤᠷᠢ ᠨᠢ 510 ᠲᠦᠮᠡᠨ ᠲᠣᠨ\ ᠵᠢᠯ︶ ᠪᠣᠯᠣᠨ᠎ᠠ᠃ ᠨᠡᠶᠢᠲᠡ 4 ᠴᠠᠬᠢᠯᠭᠠᠨ ᠦᠢᠯᠡᠳᠪᠦᠷᠢ ᠲᠠᠢ᠂ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 183.2 ᠲᠦᠮᠡᠨ ᠺᠢᠯᠣᠸᠠᠲ ︵  ᠲᠡᠬᠡᠳᠦ ᠲᠤᠬᠤᠢ ᠴᠠᠬᠢᠯᠭᠠᠨ ᠦᠢᠯᠡᠳᠪᠦᠷᠢ ᠶᠢᠨ 2 ᠰᠠᠤᠷᠢ 15 ᠲᠦᠮᠡᠨ ᠺᠢᠯᠣᠸᠠᠲ ᠤᠨ ᠮᠠᠰᠢᠨ ᠴᠣᠭᠴᠠᠯᠠᠪᠤᠷᠢ᠂ ᠱᠧᠨ ᠬᠤᠸᠠ ᠨᠡᠭᠦᠷᠡᠰᠦ ᠪᠠᠷ ᠲᠣᠰᠣ ᠦᠢᠯᠡᠳᠬᠦ ᠥᠪᠡᠷᠲᠡᠭᠡᠨ ᠪᠡᠯᠡᠳᠬᠡᠭᠰᠡᠨ ᠴᠠᠬᠢᠯᠭᠠᠨ ᠦᠢᠯᠡᠳᠪᠦᠷᠢ ᠶᠢᠨ 2 ᠰᠠᠤᠷᠢ 10 ᠲᠦᠮᠡᠨ ᠺᠢᠯᠣᠸᠠᠲ ᠤᠨ ᠮᠠᠰᠢᠨ ᠴᠣᠭᠴᠠᠯᠠᠪᠤᠷᠢ᠂ ᠤᠯᠠᠭᠠᠨ ᠰᠢᠨ ᠷᠦᠢ ᠨᠡᠭᠦᠷᠡᠰᠦᠨ ᠬᠢᠮᠢ ᠶᠢᠨ ᠠᠵᠤ ᠦᠢᠯᠡᠳᠪᠦᠷᠢ ᠶᠢᠨ ᠥᠪᠡᠷᠲᠡᠭᠡᠨ ᠪᠡᠯᠡᠳᠬᠡᠭᠰᠡᠨ ᠴᠠᠬᠢᠯᠭᠠᠨ ᠦᠢᠯᠡᠳᠪᠦᠷᠢ ᠶᠢᠨ 1 ᠰᠠᠤᠷᠢ 1.2 ᠲᠦᠮᠡᠨ ᠺᠢᠯᠣᠸᠠᠲ ᠤᠨ ᠮᠠᠰᠢᠨ ᠴᠣᠭᠴᠠᠯᠠᠪᠤᠷᠢ᠂ ᠪᠦᠯᠢᠶᠡᠨ ᠴᠠᠬᠢᠯᠭᠠᠨ ᠦᠢᠯᠡᠳᠪᠦᠷᠢ ᠶᠢᠨ 2 ᠰᠠᠤᠷᠢ 66 ᠲᠦᠮᠡᠨ ᠺᠢᠯᠣᠸᠠᠲ ᠤᠨ ᠮᠠᠰᠢᠨ ᠴᠣᠭᠴᠠᠯᠠᠪᠤᠷᠢ︶ ᠪᠣᠯᠣᠨ᠎ᠠ᠃ ᠬᠠᠷᠢᠶᠠᠲᠤ ᠣᠷᠣᠨ ᠤ ᠳᠣᠲᠣᠷ᠎ᠠ 30 ᠺᠢᠯᠣᠮᠧᠲᠷ ᠲᠣᠰᠣ ᠬᠡᠢ ᠳᠠᠮᠵᠢᠭᠤᠯᠬᠤ ᠬᠤᠭᠤᠯᠠᠢ ᠲᠠᠢ ᠪᠠᠶᠢᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠺᠣᠮᠫᠠᠨᠢ ᠶᠢᠨ ᠬᠠᠮᠢᠶᠠᠷᠤᠯᠲᠠ ᠳᠤ ᠬᠠᠷᠢᠶᠠᠯᠠᠭᠳᠠᠨ᠎ᠠ᠃       ᠣᠶᠢᠷ᠎ᠠ ᠶᠢᠨ ᠵᠢᠯ ᠠᠴᠠ᠂  ᠤᠯᠠᠭᠠᠨᠮᠦ᠋ᠷᠡᠨ ᠪᠠᠯᠭᠠᠰᠤ ᠡᠬᠢ ᠪᠠᠶᠠᠯᠢᠭ᠂ ᠣᠷᠣᠨ ᠪᠠᠶᠢᠷᠢ᠂ ᠵᠠᠮ ᠬᠠᠷᠢᠯᠴᠠᠭ᠎ᠠ᠂ ᠳᠡᠭᠡᠳᠦ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠪᠡᠨ ᠶᠡᠭᠡ ᠳᠠᠪᠠᠭᠤᠯᠢᠭ ᠲᠠᠭᠠᠨ ᠲᠦᠰᠢᠭᠯᠡᠵᠦ᠂ ᠢᠳᠡᠪᠬᠢ ᠬᠦᠴᠦᠨ ᠵᠦᠢᠯ ᠪᠦᠬᠦᠨ ᠢ ᠲᠠᠶᠢᠴᠢᠯᠠᠵᠦ᠂ ᠠᠭᠤᠷᠬᠠᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠶᠡᠭᠡ ᠦᠢᠯᠡᠰ ᠲᠤ ᠦᠢᠯᠡᠴᠢᠯᠡᠬᠦ ᠶᠢ ᠳᠡᠮᠵᠢᠬᠦ ᠪᠠ ᠤᠯᠠᠨ ᠲᠦᠮᠡᠨ ᠢ ᠬᠥᠲᠥᠯᠥᠨ ᠳᠠᠭᠠᠭᠤᠯᠵᠤ ᠴᠢᠨᠡᠭᠡᠯᠢᠭᠵᠢᠭᠦᠯᠬᠦ ᠵᠠᠮ ᠢᠶᠠᠷ ᠤᠷᠤᠭᠰᠢᠯᠠᠪᠠ᠃  ᠤᠯᠠᠭᠠᠨᠮᠦ᠋ᠷᠡᠨ ᠪᠠᠯᠭᠠᠰᠤ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠴᠥᠮ ᠭᠠᠵᠠᠷ ᠣᠷᠣᠨ ᠤ ᠡᠮᠦᠨ᠎ᠡ ᠡᠩᠨᠡᠭᠡᠨ ᠳᠤ ᠣᠷᠣᠵᠤ᠂ ᠤᠷᠢᠳ ᠬᠤᠵᠢᠳ ︽ᠪᠥᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ︾ ︽ᠪᠥᠬᠦ ᠣᠷᠣᠨ ᠤ ᠠᠷᠪᠠᠨ ᠰᠢᠯᠢᠳᠡᠭ ᠣᠳᠣᠨ ᠲᠠᠰ ᠤᠨ ᠪᠣᠯᠪᠠᠰᠤᠨ ᠪᠠᠯᠭᠠᠰᠤ︾ ︽ᠪᠥᠬᠦ ᠣᠷᠣᠨ ᠤ ᠵᠢᠵᠢᠭ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠤ ᠨᠢᠬᠡᠴᠢ︾ ︽ᠪᠥᠬᠦ ᠤᠯᠤᠰ ᠤᠨ ᠣᠷᠴᠢᠨ ᠲᠣᠭᠤᠷᠢᠨ ᠭᠤᠶᠢᠳᠠ ᠰᠠᠶᠢᠬᠠᠨ ᠰᠢᠶᠠᠩ ᠪᠠᠯᠭᠠᠰᠤ︾ ︽ᠳᠤᠮᠳᠠᠳᠤ ᠤᠯᠤᠰ ᠤᠨ ᠪᠣᠬᠢᠷᠲᠤᠯ ᠦᠭᠡᠢ ᠨᠠᠷᠠᠲᠤ ᠪᠠᠯᠭᠠᠰᠤ︾ ︽ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠪᠠᠯᠭᠠᠰᠤ︾ ︽ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ ᠵᠡᠷᠭᠡ ᠢᠷᠠᠭᠤ ᠠᠯᠳᠠᠷ ᠤᠨ ᠴᠣᠯᠠ ᠶᠢ ᠭᠥᠷᠳᠡᠪᠡ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ