ᠡᠵᠡᠨ ᠬᠤᠷᠤᠭ᠎ᠠ ᠪᠠᠯᠭᠠᠰᠤ ᠶᠡᠷᠦᠩᠬᠡᠢ ᠲᠠᠯᠠᠪᠠᠶ ᠨᠢ 717 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 16 ᠭᠠᠴᠠᠭ᠎ᠠ ᠲᠣᠰᠬᠤᠨ᠂ 1 ᠨᠡᠶᠢᠭᠡᠮ | ᠲᠣᠭᠤᠷᠢᠭ ᠢ ᠬᠠᠷᠢᠶᠠᠯᠠᠵᠤ᠂ ᠶᠡᠷᠦᠩᠬᠡᠢ ᠬᠥᠮᠥᠨ ᠠᠮᠠ ᠨᠢ 7572 ᠡᠷᠦᠬᠡ 17019 ᠬᠥᠮᠥᠨ ᠪᠠᠶᠢᠵᠤ᠂ ᠪᠠᠶᠢᠩᠭᠤ ᠰᠠᠭᠤᠭ᠎ᠠ ᠬᠥᠮᠥᠨ ᠠᠮᠠ ᠨᠢ 3284 | ᠡᠷᠦᠬᠡ 6896 ᠬᠥᠮᠥᠨ ᠪᠠᠶᠢᠨ᠎ᠠ᠃ ᠬᠢᠯᠢ ᠶᠢᠨ ᠳᠣᠲᠣᠷᠠᠬᠢ ᠵᠠᠮ ᠬᠠᠷᠢᠯᠴᠠᠭ᠎ᠠ ᠳᠥᠭᠦᠮ ᠳᠥᠲᠡ᠂ ᠠᠮᠢ ᠠᠬᠤᠢ ᠰᠠᠶᠢᠨ᠂ ᠣᠷᠴᠢᠨ ᠠᠬᠤᠢ ᠭᠤᠶᠣ ᠰᠠᠶᠢᠬᠠᠨ᠂ | ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠤᠷᠢᠳ ᠬᠤᠵᠢᠳ ᠤᠯᠤᠰ ᠤᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠪᠠᠯᠭᠠᠰᠤ᠂ | ᠣᠨᠴᠠᠯᠢᠭᠲᠤ ᠦᠵᠡᠮᠵᠢ ᠶᠢᠨ ᠵᠢᠭᠤᠯᠴᠢᠯᠠᠯ ᠤᠨ ᠨᠠᠷᠠᠲᠤ ᠪᠠᠯᠭᠠᠰᠤ᠂ ᠣᠷᠴᠢᠨ ᠠᠬᠤᠢ ᠭᠤᠶᠣ ᠰᠠᠶᠢᠬᠠᠨ ᠵᠢᠵᠢᠭ ᠬᠤᠲᠠ ᠪᠠᠯᠭᠠᠰᠤ᠂ ᠳᠥᠷᠪᠡᠳᠦᠭᠡᠷ ᠪᠦᠯᠦᠭ ᠤᠨ | ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠵᠢᠵᠢᠭ ᠪᠠᠯᠭᠠᠰᠤ᠂ ᠡᠷᠡᠭᠦᠯ ᠬᠠᠮᠠᠭᠠᠯᠠᠯ ᠤᠨ ᠪᠠᠯᠭᠠᠰᠤ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ᠂ ᠲᠦᠷᠦᠭᠦᠸ ᠪᠦᠯᠦᠭ ᠤᠨ ᠠᠷᠪᠠᠨ ᠶᠡᠭᠡ ᠲᠠᠲᠠᠬᠤ ᠬᠦᠴᠦᠨ ᠲᠠᠢ ᠨᠠᠷᠠᠲᠤ | ᠪᠠᠯᠭᠠᠰᠤ ᠪᠠᠷ ᠦᠨᠡᠯᠡᠭᠳᠡᠪᠡ᠃ | ᠣᠷᠣᠨ ᠪᠠᠶᠢᠷᠢ ᠶᠢᠨ ᠣᠨᠴᠠᠯᠢᠭ ᠨᠢ ᠲᠣᠪᠣᠶᠢᠮ᠎ᠠ᠃ ᠡᠵᠡᠨ ᠬᠤᠷᠤᠭ᠎ᠠ ᠬᠤᠰᠢᠭᠤᠨ ᠤ ᠳᠤᠮᠳᠠ ᠬᠡᠰᠡᠭ ᠲᠤ ᠪᠠᠶᠢᠷᠢᠯᠠᠵᠤ᠂ ᠬᠤᠰᠢᠭᠤᠨ ᠤ ᠵᠠᠰᠠᠭ ᠤᠨ | ᠣᠷᠳᠣᠨ ᠤ ᠰᠠᠭᠤᠭ᠎ᠠ ᠭᠠᠵᠠᠷ ᠤᠨ ᠠᠯᠳᠠᠨᠰᠢᠷᠡᠭᠡ ᠪᠠᠯᠭᠠᠰᠤ ᠠᠴᠠ ᠪᠠᠷᠤᠭ 20 ᠺᠢᠯᠤᠮᠧᠲᠷ ᠵᠠᠶᠢᠲᠠᠢ᠂ ᠣᠷᠳᠣᠰ ᠨᠢᠰᠬᠡᠯ ᠤᠨ ᠪᠠᠭᠤᠳᠠᠯ ᠠᠴᠠ ᠪᠠᠷᠤᠭ 15 | ᠺᠢᠯᠦᠮᠥᠲᠷ ᠵᠠᠶᠢᠲᠠᠢ᠃ ᠪᠥᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠬᠡᠴᠢ᠂ ᠤᠯᠤᠰ ᠤᠨ 5A ᠲᠠᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ᠂ ᠴᠢᠩᠭᠢᠰ ᠬᠠᠭᠠᠨ ᠤ ᠣᠩᠭᠤᠨ ᠤ ᠠᠳᠡ ᠪᠠᠶᠢᠷᠢᠯᠠᠳᠠᠭ᠃ | ᠡᠬᠢ ᠪᠠᠶᠠᠯᠢᠭ ᠡᠯᠪᠡᠭ ᠳᠡᠯᠪᠡᠭ ᠬᠠᠳᠠᠭᠠᠯᠠᠭᠳᠠᠵᠤ ᠪᠤᠶ᠃ ᠴᠢᠩᠭᠢᠰ ᠬᠠᠭᠠᠨ ᠤ ᠤᠯᠤᠰ ᠤᠨ ᠣᠶ ᠰᠢᠭᠤᠢ ᠶᠢᠨ ᠴᠡᠴᠡᠷᠯᠢᠭ᠂ ᠪᠠᠶᠠᠨᠴᠠᠩᠬᠤᠭ ᠤᠨ ᠲᠠᠯ᠎ᠠ | ᠨᠤᠲᠤᠭ᠂ ᠲᠠᠷᠬᠠᠳ ᠤᠨ ᠲᠠᠯ᠎ᠠ ᠨᠤᠲᠤᠭ᠂ ᠰᠢᠪᠠᠷᠳᠠᠢ ᠶᠢᠨ ᠲᠠᠯ᠎ᠠ ᠨᠤᠲᠤᠭ ᠢᠶᠠᠷ ᠲᠠᠷᠬᠠᠵᠤ᠂ ᠣᠶ ᠰᠢᠭᠤᠢ ᠶᠢᠨ ᠪᠦᠷᠬᠦᠴᠡ ᠨᠢ 60% ᠳᠤ ᠬᠦᠷᠴᠦ᠂ | ᠤᠷᠭᠤᠮᠠᠯ ᠤᠨ ᠪᠦᠷᠬᠦᠴᠡ ᠨᠢ 95% ᠳᠤ ᠬᠦᠷᠴᠦ᠂ ᠡᠵᠡᠨ ᠬᠤᠷᠤᠭ᠎ᠠ ᠬᠤᠰᠢᠭᠤᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢᠶᠠᠷ ᠬᠠᠮᠤᠭ ᠤᠨ ᠶᠡᠭᠡ | ᠭᠠᠵᠠᠷ ᠣᠷᠣᠨ ᠪᠣᠯᠣᠨ᠎ᠠ᠃ | ᠠᠵᠤ ᠦᠢᠯᠡᠰ ᠤᠨ ᠪᠠᠶᠢᠷᠢᠰᠢᠯ ᠰᠠᠶᠢᠵᠢᠷᠠᠪᠠ᠃ ᠡᠯ᠎ᠡ ᠭᠠᠴᠠᠭ᠎ᠠ ᠲᠣᠰᠬᠤᠨ ᠤ ᠠᠳᠠᠯᠢ ᠪᠤᠰᠤ ᠡᠬᠢ ᠪᠠᠶᠠᠯᠢᠭ ᠤᠨ ᠳᠠᠪᠠᠭᠤᠯᠢᠭ ᠪᠠ ᠬᠥᠭᠵᠢᠯᠲᠡ ᠶᠢᠨ | ᠣᠳᠣᠬᠢ ᠪᠠᠶᠢᠳᠠᠯ ᠳᠤ ᠰᠠᠭᠤᠷᠢᠯᠠᠨ᠂ ︽ᠭᠤᠷᠪᠠᠨ ᠣᠷᠣᠨ ᠭᠤᠷᠪᠠᠨ ᠦᠢᠯᠡᠰ︾ ᠤᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠵᠦ᠂ ᠪᠤᠯᠠᠭ᠂ ᠰᠢᠪᠠᠷᠳᠠᠢ | ᠵᠡᠷᠭᠡ ᠡᠷᠭᠢᠨ ᠲᠣᠭᠤᠷᠢᠨ ᠤ ᠭᠠᠴᠠᠭ᠎ᠠ ᠳᠤ ᠠᠷᠠᠳ ᠤᠨ ᠵᠠᠩ ᠦᠢᠯᠡ ᠶᠢᠨ ᠣᠶᠢᠯᠠᠭᠠᠯᠲᠠ᠂ ᠲᠠᠯ᠎ᠠ ᠨᠤᠲᠤᠭ ᠤᠨ ᠵᠤᠭᠠᠴᠠᠯ ᠢᠶᠠᠷ ᠭᠤᠣᠯ ᠪᠣᠯᠭᠠᠭᠰᠠᠨ ︽ | ᠠᠷᠠᠳ ᠤᠨ ᠵᠠᠩ ᠦᠢᠯᠡ ᠶᠢᠨ ᠰᠣᠶᠣᠯ ᠵᠤᠭᠠᠴᠠᠯ ᠤᠨ ᠦᠢᠯᠡᠰ︾ ᠢ ᠬᠥᠭᠵᠢᠭᠦᠯᠵᠦ᠂ ᠯᠤᠩᠬᠤ ᠶᠢᠨ ᠵᠠᠪᠠ᠂ ᠭᠠᠨᠵᠤᠤᠷ ᠤᠨ ᠰᠦᠮ᠎ᠡ ᠵᠡᠷᠭᠡ ᠬᠤᠲᠠ ᠶᠢᠨ | ᠲᠡᠭᠦᠷᠭᠡ ᠶᠢᠨ ᠠᠭᠤᠯᠵᠠᠷ ᠲᠤ ᠲᠠᠷᠢᠶᠠᠨ ᠭᠠᠵᠠᠷ ᠢ ᠲᠣᠭᠤᠷᠢᠨ ᠦᠵᠡᠬᠦ᠂ ᠰᠡᠯᠡᠭᠦᠴᠡᠨ ᠠᠮᠠᠷᠠᠬᠤ ᠪᠠᠷ ᠭᠤᠣᠯ ᠪᠣᠯᠭᠠᠭᠰᠠᠨ ︽ᠬᠤᠲᠠ ᠶᠢᠨ ᠲᠡᠭᠦᠷᠭᠡ ᠶᠢᠨ ᠬᠥᠳᠡᠭᠡ | ᠲᠣᠰᠬᠤᠨ ᠤ ᠵᠤᠭᠠᠴᠠᠯ ᠤᠨ ᠦᠢᠯᠡᠰ︾ ᠢ ᠬᠥᠭᠵᠢᠭᠦᠯᠵᠦ᠂ ᠪᠠᠷᠠᠭᠤᠨ ᠣᠷᠣᠨ ᠤ ᠡᠯ᠎ᠡ ᠲᠣᠰᠬᠤᠨ ᠳᠤ ᠳᠠᠷᠢᠵᠤ ᠲᠡᠵᠢᠭᠡᠨ ᠦᠷᠡᠵᠢᠭᠦᠯᠬᠦ ᠪᠠ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠷᠣᠯᠠᠭᠤᠯᠬᠤ ᠪᠠᠷ ᠭᠤᠣᠯ ᠪᠣᠯᠭᠠᠭᠰᠠᠨ ︽ᠤᠳᠤ ᠦᠶ᠎ᠡ ᠶᠢᠨ ᠰᠣᠳᠣᠨ ᠲᠠᠷᠢᠶᠠᠯᠠᠩ ᠮᠠᠯ ᠠᠵᠤ ᠠᠬᠤᠢ︾ | ᠶᠢ ᠬᠥᠭᠵᠢᠭᠦᠯᠵᠦ᠂ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠢ ᠶᠢ ᠲᠣᠭᠲᠠᠭᠤᠨ ᠤ ᠳᠤᠮᠳᠠ ᠤᠷᠤᠭᠰᠢᠯᠠᠭᠤᠯᠬᠤ᠂ ᠤᠳᠤ ᠦᠶ᠎ᠡ ᠶᠢᠨ ᠠᠵᠤ ᠦᠢᠯᠡᠰ ᠤᠨ | ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ᠂ ᠰᠣᠶᠣᠯ ᠵᠤᠭᠠᠴᠠᠯ ᠤᠨ ᠠᠵᠤ ᠦᠢᠯᠡᠰ ᠤᠨ ᠥᠷᠨᠢᠩᠭᠦᠢ ᠬᠥᠭᠵᠢᠯᠲᠡ ᠶᠢᠨ ᠰᠢᠨ᠎ᠡ ᠪᠠᠶᠢᠷᠢᠰᠢᠯ ᠢ | ᠪᠠᠶᠢᠭᠤᠯᠤᠨ᠎ᠠ᠃ | | | | | |