ᠵᠠᠰᠠᠭ ᠪᠠᠯᠭᠠᠰᠤ
ᠨᠡᠶᠢᠲᠡᠯᠡᠭᠰᠡᠨ ᠴᠠᠭ᠄
2023/8/20
      ᠵᠠᠰᠠᠭ ᠪᠠᠯᠭᠠᠰᠤ ᠪᠣᠯ ᠤᠤᠯ ᠨᠢ ᠵᠠᠰᠠᠭ ᠬᠤᠰᠢᠭᠤᠨ ᠤ ᠸᠠᠩ ᠤᠨ ᠣᠷᠳᠣᠨ ᠤ ᠰᠠᠭᠤᠭ᠎ᠠ ᠭᠠᠵᠠᠷ ᠪᠣᠯᠬᠤᠷ ᠢᠩᠭᠢᠵᠦ ᠨᠡᠷᠡᠯᠡᠭᠰᠡᠨ ᠶᠤᠮ᠃ ᠪᠦᠬᠦ ᠪᠠᠯᠭᠠᠰᠤᠨ ᠤ ᠶᠡᠷᠦᠩᠬᠡᠢ ᠲᠠᠯᠠᠪᠠᠶ ᠨᠢ 1105.6 ᠲᠡᠭᠰᠢ ᠳᠥᠷᠪᠡᠯᠵᠢᠨ ᠺᠢᠯᠣᠮᠧᠲᠷ ᠪᠣᠯᠣᠨ᠎ᠠ᠃  ᠬᠠᠷᠢᠶᠠᠨ ᠳᠤ 27 ᠵᠠᠰᠠᠭ ᠵᠠᠬᠢᠷᠭᠠᠨ ᠤ ᠲᠣᠰᠬᠤᠨ ︵127 ᠲᠠᠷᠢᠶᠠᠯᠠᠩ ᠮᠠᠯ ᠠᠵᠤ ᠠᠬᠤᠢ ᠶᠢᠨ ᠬᠤᠷᠰᠢᠶ᠎ᠠ︶᠂ 1 ᠨᠡᠶᠢᠭᠡᠮ ᠲᠣᠭᠤᠷᠢᠭ ᠢ ᠬᠠᠷᠢᠶᠠᠯᠠᠵᠤ᠂ ᠶᠡᠷᠦᠩᠬᠡᠢ ᠬᠥᠮᠥᠨ ᠠᠮᠠ ᠨᠢ 10875 ᠡᠷᠦᠬᠡ ᠶᠢᠨ 25426 ᠬᠥᠮᠥᠨ ᠲᠠᠢ᠃ ᠪᠠᠯᠭᠠᠰᠤᠨ ᠤ ᠬᠡᠪᠴᠢᠶᠡᠨ ᠤ ᠠᠵᠤ ᠠᠬᠤᠢ ᠶᠢᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠨᠢ ᠪᠥᠬᠦ ᠤᠯᠤᠰ ᠤᠨ ᠪᠠᠷᠠᠭᠤᠨ ᠬᠡᠰᠡᠭ ᠤᠨ ᠵᠠᠭᠤᠨ ᠬᠦᠴᠦᠷᠬᠡᠭ ᠪᠠᠯᠭᠠᠰᠤᠨ ᠤ ᠡᠩᠨᠡᠭᠡᠨ ᠳᠤ ᠵᠢᠭᠰᠠᠭᠠᠭᠳᠠᠵᠠᠢ᠃       ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠤᠯᠠᠨ ᠡᠰᠢᠵᠢᠭᠦᠯᠦᠨ ᠠᠬᠢᠭᠤᠯᠤᠨ᠎ᠠ᠃ ᠵᠠᠰᠠᠭ ᠪᠠᠯᠭᠠᠰᠤᠨ ᠤ ᠬᠠᠷᠢᠶᠠᠨ ᠳᠠᠬᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ 32᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ 27᠂ ᠨᠡᠶᠢᠲᠡ 733 ᠨᠠᠮ ᠤᠨ ᠭᠡᠰᠢᠭᠦᠨ ᠲᠠᠢ ᠂ ᠡᠭᠦᠨ ᠳᠤ ᠴᠥᠭᠡᠨ ᠲᠣᠭᠠᠲᠤ ᠦᠨᠳᠦᠰᠦᠲᠡᠨ ᠤ ᠨᠠᠮ ᠤᠨ ᠭᠡᠰᠢᠭᠦᠨ 109᠂ ᠡᠮᠡᠭᠲᠡᠢ ᠨᠠᠮ ᠤᠨ ᠭᠡᠰᠢᠭᠦᠨ 161 ᠪᠣᠶ᠃ ᠣᠳᠣᠬᠠᠨ ᠳᠤ ᠵᠠᠰᠠᠭ ᠪᠠᠯᠭᠠᠰᠤ ᠪᠣᠯ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠠᠮ ᠤᠨ ᠭᠡᠰᠢᠭᠦᠨ ᠡᠯᠰᠡᠬᠦ ᠠᠵᠢᠯ ᠤᠨ ᠬᠠᠷᠢᠯᠴᠠᠬᠤ ᠴᠡᠭ ᠪᠣᠯᠣᠨ᠎ᠠ᠃ ᠵᠠᠰᠠᠭ ᠪᠠᠯᠭᠠᠰᠤᠨ ᠤ ᠨᠠᠮ ᠤᠨ ᠬᠤᠷᠢᠶ᠎ᠠ 2021 ᠣᠨ ᠤ ᠣᠷᠳᠣᠰ ᠬᠤᠳᠠ ᠶᠢᠨ ︽ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾᠎ ᠪᠠᠷ ᠦᠨᠡᠯᠡᠭᠳᠡᠪᠡ᠃       ᠲᠡᠦᠬᠡ ᠭᠦᠨ ᠵᠤᠵᠠᠭᠠᠨ᠂ ᠰᠣᠶᠣᠯ ᠭᠡᠷᠡᠯ ᠰᠠᠴᠤᠷᠠᠩᠭᠤᠢ᠃ ᠵᠠᠰᠠᠭ ᠪᠠᠯᠭᠠᠰᠤ ᠤᠤᠯ ᠨᠢ ᠲᠡᠭᠷᠢ ᠲᠡᠳᠬᠦᠭᠴᠢ ᠶᠢᠨ ᠦᠶ᠎ᠡ ᠳᠤ ᠪᠠᠶᠢᠭᠤᠯᠤᠭᠳᠠᠭᠰᠠᠨ ᠵᠠᠰᠠᠭ ᠬᠤᠰᠢᠭᠤᠨ ᠤ ᠸᠠᠩ ᠤᠨ ᠣᠷᠳᠣᠨ ᠤ ᠰᠠᠭᠤᠭ᠎ᠠ ᠭᠠᠵᠠᠷ ᠪᠣᠯᠬᠤ ᠪᠥᠭᠡᠳ ᠤᠤᠯ ᠤᠨ ᠭᠤᠮᠢᠨᠳᠠᠩ ᠤᠨ ᠰᠦᠢᠶᠤᠸᠠᠨ ᠤ ᠬᠢᠯᠢ ᠶᠢᠨ ᠮᠣᠩᠭᠤᠯ ᠤᠨ ᠵᠠᠰᠠᠭ ᠤᠨ ᠬᠤᠷᠠᠯ ᠂ ᠶᠡᠭᠡ ᠵᠤᠤ ᠠᠶᠢᠮᠠᠭ ᠤᠨ ᠣᠷᠳᠣᠨ᠂ ᠡᠵᠡᠨ ᠬᠤᠷᠤᠭ᠎ᠠ ᠬᠤᠰᠢᠭᠤᠨ ᠤ ᠣᠷᠳᠣᠨ ᠤ ᠰᠠᠭᠤᠭ᠎ᠠ ᠭᠠᠵᠠᠷ ᠪᠠᠶᠢᠪᠠ᠃ 1942 ᠣᠨ ᠳᠤ᠂ ᠭᠤᠮᠢᠨᠳᠠᠩ ᠤᠨ ᠮᠠᠯᠵᠢᠯ ᠤᠨ ᠲᠠᠯᠠᠪᠠᠶ ᠬᠠᠭᠠᠯᠪᠤᠷᠢᠯᠠᠬᠤ ᠶᠢ ᠡᠰᠡᠷᠭᠦᠴᠡᠭᠰᠡᠨ ︽3 · 26︾᠎ ᠤ ᠬᠡᠷᠡᠭ ᠬᠤᠪᠢᠰᠤᠯ ᠳᠠᠷᠤᠢ ᠠᠳᠡ ᠡᠭᠦᠰᠴᠡᠢ᠂ ᠳᠡᠭᠡᠷ᠎ᠡ ᠵᠠᠭᠤᠨ ᠤ ᠲᠤᠭᠤᠶᠢᠯᠠᠩ ᠤᠨ ᠬᠥᠳᠡᠯᠭᠡᠭᠡᠨ ᠤ ᠬᠤᠰᠢᠭᠤᠴᠢ ᠸᠠᠩᠳᠢᠨᠨᠢᠮ᠎ᠠ ᠪᠣᠯ ᠮᠠᠨ ᠤ ᠪᠠᠯᠭᠠᠰᠤᠨ ᠤ ᠯᠠᠮᠠ ᠶᠢᠨ ᠰᠦᠮ᠎ᠡ ᠶᠢᠨ ᠭᠡᠭᠡᠨ ᠪᠣᠯᠣᠨ᠎ᠠ᠃ ᠵᠠᠰᠠᠭ ᠪᠠᠯᠭᠠᠰᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠠᠶᠢᠭᠤᠯᠬᠤ ᠶᠢ ᠨᠠᠶᠢᠳᠠᠪᠤᠷᠢᠵᠢᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠱᠤᠭᠤᠮ ᠢ ᠪᠠᠲᠤ ᠡᠵᠡᠮᠳᠡᠵᠦ᠂ ᠣᠷᠳᠣᠰ ᠬᠤᠳᠠ ᠶᠢᠨ ᠠᠩᠬᠠᠳᠠᠭᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠦᠢᠯᠡᠳᠦᠯᠭᠡ ᠶᠢᠨ ᠬᠥᠮᠦᠵᠢᠯ ᠤᠨ ᠪᠠᠶᠢᠭ᠎ᠠ ᠵᠠᠰᠠᠭ ᠪᠠᠯᠭᠠᠰᠤ ︽ᠶᠡᠭᠡ ᠵᠤᠤ ᠠᠶᠢᠮᠠᠭ ᠤᠨ ᠬᠡᠷᠡᠭ ᠬᠤᠪᠢᠰᠤᠯ︾᠎ ᠤᠨ ᠳᠤᠷᠠᠰᠬᠠᠯ ᠤᠨ ᠣᠷᠳᠣᠨ ᠵᠢᠩᠬᠢᠨᠢ ᠪᠠᠷ ᠪᠠᠶᠢᠭᠤᠯᠤᠭᠳᠠᠪᠠ᠃       ᠵᠠᠮ ᠬᠠᠷᠢᠯᠴᠠᠭ᠎ᠠ ᠳᠥᠭᠦᠮ ᠳᠥᠲᠡ᠂ ᠣᠷᠣᠨ ᠪᠠᠶᠢᠷᠢ ᠶᠢᠨ ᠳᠠᠪᠠᠭᠤᠯᠢᠭ ᠲᠠᠢ᠃ ᠵᠠᠰᠠᠭ ᠪᠠᠯᠭᠠᠰᠤ ᠪᠣᠯ ᠡᠮᠦᠨ᠎ᠡ ᠤᠮᠠᠷ᠎ᠠ ᠶᠢᠨ ᠬᠥᠬᠡᠬᠤᠲᠠ ᠪᠤᠭᠤᠲᠤ ᠰᠢ ᠠᠨ ᠢ ᠬᠤᠯᠪᠤᠵᠤ᠂ ᠵᠡᠭᠦᠨ ᠪᠠᠷᠠᠭᠤᠨᠰᠢ ᠶᠢᠨ ᠱᠠᠨᠰᠢ ᠭᠠᠨᠰᠤ ᠨᠢᠩᠰᠢᠶᠠ ᠶᠢ ᠬᠤᠯᠪᠣᠭᠰᠠᠨ ᠲᠣᠭᠤᠨᠣᠯᠵᠢᠨ ᠠᠭᠤᠯᠵᠠᠷ ᠲᠤ ᠪᠠᠶᠢᠳᠠᠭ᠃ 210 ᠤᠯᠤᠰ ᠤᠨ ᠵᠠᠮ᠂ ᠪᠤᠭᠤᠲᠤ ᠠᠴᠠ ᠮᠤᠤᠮᠢᠩᠭᠠᠨ ᠬᠦᠷᠬᠦ ᠲᠦᠷᠭᠡᠨ ᠤ ᠵᠠᠰᠠᠮᠠᠯ ᠵᠠᠮ᠂ ᠮᠤᠵᠢ ᠶᠢᠨ ᠵᠠᠮ ᠤᠨ ᠹᠦ᠋ ᠱᠧᠨ ᠱᠤᠭᠤᠮ᠂ ᠯᠠᠨ ᠵᠢᠶᠠ ᠯᠢᠶᠠᠩ ᠠᠴᠠ ᠭᠠᠯᠠᠭᠤᠳᠤ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ ᠪᠤᠭᠤᠲᠤ ᠠᠴᠠ ᠰᠢ ᠠᠨ ᠬᠦᠷᠬᠦ ᠲᠡᠮᠦᠷ ᠵᠠᠮ ᠪᠦᠬᠦ ᠪᠠᠯᠭᠠᠰᠤ ᠪᠠᠷ ᠦᠩᠬᠡᠷᠡᠨ᠎ᠡ᠃ ᠵᠠᠰᠠᠭ ᠪᠠᠯᠭᠠᠰᠤ ᠪᠣᠯ ᠬᠠᠲᠤᠨ ᠭᠤᠣᠯ ᠤᠨ ᠳᠤᠮᠳᠠᠳᠤ ᠳᠡᠭᠡᠳᠦ ᠤᠷᠤᠰᠬᠠᠯ ᠤᠨ ᠠᠵᠤ ᠠᠬᠤᠢ ᠶᠢᠨ ᠣᠷᠣᠨ ᠳᠤ ᠪᠠᠶᠢᠷᠢᠯᠠᠵᠤ᠂ ᠱᠠᠨᠰᠢ ᠥᠪᠥᠷ ᠮᠣᠩᠭᠤᠯ ᠬᠤᠶᠠᠷ ᠮᠤᠵᠢ ᠣᠷᠣᠨ ᠤ ᠠᠭᠤᠯᠵᠠᠷ ᠭᠠᠵᠠᠷ ᠤᠨ ᠭᠤᠣᠯ ᠣᠷᠣᠨ ᠪᠦᠰᠡ ᠳᠤ ᠪᠠᠶᠢᠷᠢᠯᠠᠵᠤ᠂ ᠡᠷᠬᠢᠨ ᠲᠣᠭᠤᠷᠢᠨ ᠤ ᠮᠤᠵᠢ ᠣᠷᠣᠨ ᠲᠠᠢ ᠠᠵᠤ ᠠᠬᠤᠢ ᠶᠢᠨ ᠬᠠᠷᠢᠯᠴᠠᠭ᠎ᠠ ᠥᠷᠨᠢᠭᠦᠯᠬᠦ ᠪᠠᠶᠢᠭᠠᠯᠢ ᠶᠢᠨ ᠳᠠᠪᠠᠭᠤᠯᠢᠭ ᠲᠠᠢ ᠶᠤᠮ᠃       ᠡᠳ᠋ ᠡᠷᠳᠡᠨᠢᠰ ᠡᠯᠪᠡᠭ ᠳᠡᠯᠪᠡᠭ᠂ ᠡᠬᠢ ᠪᠠᠶᠠᠯᠢᠭ ᠡᠯᠪᠡᠭ ᠳᠡᠯᠪᠡᠭ᠃ ᠵᠠᠰᠠᠭ ᠪᠠᠯᠭᠠᠰᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠨᠡᠭᠦᠷᠡᠰᠦᠨ ᠤ ᠬᠠᠳᠠᠭᠠᠯᠠᠭᠳᠠᠴᠠ ᠡᠯᠪᠡᠭ ᠪᠠᠶᠠᠯᠢᠭ ᠪᠠᠶᠢᠵᠤ᠂ ᠬᠡᠢ ᠶᠢᠨ ᠠᠢ ᠰᠠᠪᠠ᠂ ᠲᠠᠪᠤᠰᠤ᠂ ᠴᠢᠯᠠᠭᠤᠨ ᠲᠣᠰᠣᠨ ᠤ ᠬᠠᠳᠠᠭᠠᠯᠠᠭᠳᠠᠴᠠ ᠨᠡᠯᠢᠶᠡᠳ ᠰᠠᠶᠢᠨ ᠪᠠᠶᠢᠳᠠᠭ᠃ ᠨᠡᠭᠦᠷᠡᠰᠦᠨ ᠤ ᠬᠠᠳᠠᠭᠠᠯᠠᠭᠳᠠᠴᠠ ᠶᠢᠨ ᠬᠡᠮᠵᠢᠶ᠎ᠡ ᠲᠡᠭᠰᠢ ᠳᠥᠷᠪᠡᠯᠵᠢᠨ ᠺᠢᠯᠣᠮᠧᠲᠷ ᠪᠦᠷᠢ ᠳᠤ 2000 ᠲᠦᠮᠡᠨ ᠲᠣᠨ ᠳᠤ ᠬᠦᠷᠴᠦ᠂ ᠬᠠᠶᠢᠨ ᠲᠣᠳᠣᠯᠠᠭᠰᠠᠨ ᠨᠡᠭᠦᠷᠡᠰᠦᠨ ᠤ ᠬᠠᠳᠠᠭᠠᠯᠠᠭᠳᠠᠴᠠ ᠶᠢᠨ ᠬᠡᠮᠵᠢᠶ᠎ᠡ 220 ᠳ᠋ᠦᠩᠰᠢᠭᠤᠷ ᠲᠣᠨ ᠳᠤ ᠬᠦᠷᠴᠡᠢ᠃ ᠤᠳᠤ  ᠧ ᠶᠦᠩ ᠮᠠ ᠲᠠᠢ ᠭᠤᠤ᠂ ᠢ ᠲᠠᠢ ᠬᠤᠨᠢᠴᠢᠨᠭᠤᠤᠯ᠂ ᠬᠤᠤ ᠱᠧᠩ ᠰᠢᠷ᠎ᠠ ᠤᠰᠤ ᠪᠣᠯᠣᠨ ᠱᠧᠨ ᠬᠤᠸᠠ ᠶᠢᠨ ᠳ᠋ᠦᠩᠰᠢᠭᠤᠷ ᠲᠣᠨ ᠤ ᠲᠡᠰ ᠤᠨ ᠨᠡᠭᠦᠷᠡᠰᠦᠨ ᠠᠭᠤᠷᠬᠠᠢ ᠰᠠᠭᠤᠷᠢᠰᠢᠵᠤ᠂ ᠲᠦᠷᠪᠡᠨ ᠶᠡᠭᠡ ᠨᠡᠭᠦᠷᠡᠰᠦᠨ ᠠᠭᠤᠷᠬᠠᠢ ᠶᠢ ᠪᠦᠬᠦᠨ ᠢ ᠠᠰᠢᠭᠯᠠᠯᠲᠠ ᠳᠤ ᠣᠷᠣᠭᠤᠯᠤᠭᠰᠠᠨ ᠤ ᠲᠠᠷᠠᠭ᠎ᠠ᠂ ᠵᠢᠯ ᠤᠨ ᠭᠠᠷᠤᠯᠲᠠ ᠨᠢ 1 ᠳ᠋ᠦᠩᠰᠢᠭᠤᠷ ᠲᠣᠨ ᠳᠤ ᠬᠦᠷᠴᠦ᠂ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠭᠠᠵᠠᠷ ᠤᠨ ᠨᠢᠭᠡ ᠪᠣᠯᠬᠤ ᠪᠣᠯᠣᠨ᠎ᠠ᠃ ᠪᠥᠬᠦ ᠪᠠᠯᠭᠠᠰᠤ ᠪᠠᠷ ᠢᠶᠠᠨ ᠪᠠᠶᠢᠭᠠᠯᠢ ᠶᠢᠨ ᠰᠢᠲᠠᠮᠠᠬᠠᠢ ᠬᠡᠢ ᠶᠢᠨ ᠥᠷᠲᠡᠭᠡ 12 ᠪᠠᠶᠢᠭᠤᠯᠵᠤ᠂ ᠵᠢᠯ ᠤᠨ ᠰᠢᠲᠠᠮᠠᠬᠠᠢ ᠬᠡᠢ ᠶᠢᠨ ᠭᠠᠷᠭᠠᠯᠲᠠ 1.8 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠥᠷᠪᠡ᠃       ᠥᠩᠭᠡ ᠦᠵᠡᠮᠵᠢ ᠭᠤᠶᠢᠳᠠ ᠰᠠᠶᠢᠬᠠᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠃ ᠪᠥᠬᠦ ᠪᠠᠯᠭᠠᠰᠤᠨ ᠤ ᠤᠷᠭᠤᠮᠠᠯ ᠤᠨ ᠬᠤᠴᠢᠯᠭ᠎ᠠ ᠶᠢᠨ ᠪᠦᠷᠬᠦᠴᠡ 93%᠎ ᠳᠤ ᠬᠦᠷᠴᠦ᠂ ᠣᠶ ᠰᠢᠭᠤᠢ ᠶᠢᠨ ᠪᠦᠷᠬᠦᠴᠡ 42%᠎ ᠲᠤ ᠬᠥᠷᠪᠡ᠃ ᠠᠳᠡ ᠥᠩᠭᠡ ᠦᠵᠡᠮᠵᠢ ᠪᠦᠷᠢᠳᠦᠭᠰᠡᠨ ᠴᠠᠬᠤᠯᠠᠢ ᠶᠢᠨ ᠨᠤᠲᠤᠭ  ᠲᠡᠮᠡᠬᠡᠨ ᠬᠠᠳᠠᠨ ᠴᠠᠭᠠᠨᠨᠠᠭᠤᠷ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠥᠪ ᠶᠡᠬᠡᠮᠰᠦᠭ ᠦᠯᠵᠠᠢ ᠪᠤᠶᠠᠨ ᠦᠷᠨᠢᠨ ᠲᠡᠯᠬᠡᠷᠡᠬᠦᠢ ᠶᠢᠨ ᠰᠦᠮ᠎ᠡ ᠬᠡᠶᠢᠳ ᠤᠨ ᠭᠡᠭᠡᠨ ᠤ ᠣᠷᠳᠣᠨ᠂ ᠰᠤᠳᠤᠯᠤᠨ ᠰᠤᠷᠤᠯᠴᠠᠬᠤ ᠶᠢ ᠨᠢᠭᠡ ᠴᠣᠭᠴᠠᠵᠢᠭᠤᠯᠤᠭᠰᠠᠨ ᠵᠠᠯᠠᠭᠤᠴᠤᠳ ᠪᠠᠭᠠᠴᠤᠳ ᠤᠨ ᠬᠡᠪ ᠴᠢᠨᠠᠷ ᠤᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠵᠢᠴᠢ ᠨᠤᠲᠤᠭ ᠤᠰᠤᠨ ᠤ ᠥᠩᠭᠡ ᠠᠶᠠᠰ ᠢᠶᠠᠷ ᠭᠦᠨ ᠵᠤᠵᠠᠭᠠᠨ ᠲᠠᠯ᠎ᠠ ᠨᠤᠲᠤᠭ ᠤᠨ ᠮᠣᠷᠢᠲᠤ ᠵᠢᠭᠤᠯᠴᠢᠯᠠᠯ ᠤᠨ ᠠᠶᠢᠮᠠᠭ ᠤᠨ ᠴᠠᠭᠠᠨ ᠴᠠᠶᠢᠳᠠᠮ ᠵᠡᠷᠭᠡ ᠣᠨᠴᠠᠯᠢᠭᠲᠤ ᠵᠢᠭᠤᠯᠴᠢᠯᠠᠯ ᠤᠨ ᠲᠥᠷᠥᠯ ᠵᠦᠢᠯ ᠪᠣᠶ᠃ 2022 ᠣᠨ ᠳᠤ ᠲᠥᠪ ᠲᠧᠯᠸᠢᠰ ᠤᠨ ︽ᠡᠯᠪᠡᠭ ᠬᠤᠷᠢᠶᠠᠯᠲᠠ ᠶᠢᠨ ᠴᠤᠭᠯᠠᠷᠠᠯ ᠤᠨ ᠳ᠋ᠤᠭᠠᠷ︾ ᠪᠤᠯᠤᠩ ᠢ ᠰᠢᠩᠭᠡᠬᠡᠨ ᠦᠢᠯᠡᠳᠬᠦ ᠡᠭᠦᠷᠭᠡ ᠶᠢ ᠪᠡᠶᠡᠯᠡᠭᠦᠯᠵᠦ᠂ ᠦᠵᠡᠰᠬᠦᠯᠡᠩᠲᠦ ᠰᠠᠶᠢᠬᠠᠨ ᠪᠤᠬᠢᠷᠳᠤᠯ ᠦᠬᠡᠢ ᠬᠤᠲᠠ ᠂ ᠠᠭᠤᠯᠠ ᠤᠰᠤ ᠮᠠᠯ ᠠᠵᠤ ᠠᠬᠤᠢ ᠶᠢᠨ ᠳᠠᠭᠤᠤ ᠰᠢᠨ᠎ᠡ ᠬᠤᠲᠠ ᠪᠠᠯᠭᠠᠰᠤ ᠶᠢᠨ ᠳᠦᠷᠢ ᠲᠥᠷᠬᠦ ᠲᠥᠪ ᠲᠧᠯᠸᠢᠰ ᠲᠤ ᠭᠤᠶᠢᠳᠠ ᠰᠠᠶᠢᠬᠠᠨ ᠢᠯᠡᠷᠡᠭᠦᠯᠪᠡ᠃       ᠡᠳ᠋ ᠭᠠᠷᠤᠯᠲᠠ ᠡᠯᠪᠡᠭ ᠳᠡᠯᠪᠡᠭ᠂ ᠠᠵᠤ ᠦᠢᠯᠡᠰ ᠬᠥᠭᠵᠢᠨ ᠪᠠᠳᠠᠷᠠᠨ᠎ᠠ᠃ ᠮᠠᠯ ᠤᠨ ᠶᠡᠷᠦᠩᠬᠡᠢ ᠲᠤᠭ᠎ᠠ ᠲᠣᠯᠣᠭᠠᠢ 15 ᠲᠦᠮᠡᠨ ᠲᠣᠯᠣᠭᠠᠢ᠂ ᠲᠠᠷᠢᠶᠠᠨ ᠭᠠᠵᠠᠷ ᠤᠨ ᠲᠠᠯᠠᠪᠠᠶ 14.4 ᠲᠦᠮᠡᠨ ᠮᠦ᠃ ᠤᠯᠠᠭᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢᠨ ᠭᠠᠵᠠᠷ ᠢᠶᠠᠷ ᠲᠣᠯᠣᠭᠠᠶᠢᠯᠠᠭᠤᠯᠤᠭᠰᠠᠨ ᠠᠯᠠᠰᠢᠨ ᠬᠤᠨᠢ᠂ ᠠᠯᠠᠰᠢᠨ ᠦᠬᠡᠷ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠪᠠ︔ ᠲᠤᠯᠤᠭᠠᠨ ᠠᠭᠤᠢ ᠡᠵᠡᠨ ᠤ ᠰᠤᠳᠤᠨ ᠠᠮᠤ᠂  ᠲᠤᠶᠢᠭ ᠨᠤᠲᠤᠭ ᠤᠨ ᠨᠡᠷᠡᠲᠦ ᠲᠡᠮᠳᠡᠭ᠃ ᠬᠠᠭᠤᠷᠠᠢ ᠴᠠᠶᠢᠳᠠᠮ ᠲᠣᠰᠬᠤᠨ ᠤ ᠪᠤᠷᠭᠠᠰᠤ ᠶᠢ ᠭᠦᠷᠦᠵᠦ ᠡᠳ᠋ᠰᠢᠭᠦᠯᠬᠦ ᠪᠠ ᠮᠠᠯᠴᠢᠨ ᠤ ᠬᠤᠭᠤᠯᠠᠢ ᠲᠣᠰᠬᠤᠨ ᠤ ᠬᠠᠶᠠᠭᠳᠠᠮᠠᠯ ᠮᠣᠳᠣ ᠶᠢ ᠡᠳ᠋ᠰᠢᠭᠦᠯᠬᠦ ᠵᠢᠴᠢ ᠤᠳᠠᠨ ᠴᠠᠶᠢᠳᠠᠮ ᠲᠣᠰᠬᠤᠨ ᠤ ᠡᠯᠡᠰᠦᠨ ᠪᠤᠷᠭᠠᠰᠤᠨ ᠤ ᠬᠡᠷᠴᠢᠮᠡᠯ ᠵᠡᠷᠭᠡ ᠣᠶ ᠰᠢᠭᠤᠢ ᠶᠢᠨ ᠠᠵᠤ ᠦᠢᠯᠡᠰ᠃ ᠪᠠᠰᠠ ᠤᠯᠠᠭᠠᠨᠲᠣᠯᠤᠭᠠᠢ ᠲᠣᠰᠬᠤᠨ ᠤ ᠭᠠᠭ᠋ᠠᠢ ᠲᠡᠵᠢᠭᠡᠬᠦ ᠦᠢᠯᠡᠳᠪᠦᠷᠢ ᠶᠢᠨ ᠲᠥᠷᠥᠯ ᠵᠦᠢᠯ᠂ ᠬᠠᠭᠤᠷᠠᠢ ᠴᠠᠶᠢᠳᠠᠮ ᠲᠣᠰᠬᠤᠨ ᠤ ᠢᠳᠡᠭᠡᠨ ᠤ ᠮᠥᠭᠦ ᠶᠢᠨ ᠬᠦᠯᠡᠮᠵᠢ ᠳᠠᠷᠢᠬᠤ ᠲᠥᠷᠥᠯ ᠵᠦᠢᠯ᠂ ᠪᠠᠭ᠎ᠠ ᠴᠠᠶᠢᠳᠠᠮ ᠲᠣᠰᠬᠤᠨ ᠤ ᠭᠠᠵᠠᠷ ᠰᠢᠷᠣᠢ ᠶᠢ ᠡᠮᠬᠢᠯᠡᠨ ᠨᠡᠶᠢᠯᠡᠭᠦᠯᠬᠦ ᠲᠥᠷᠥᠯ ᠵᠦᠢᠯ ᠵᠡᠷᠭᠡ ᠨᠢᠭᠡ ᠪᠦᠯᠦᠭ ᠰᠢᠨ᠎ᠡ ᠠᠵᠤ ᠦᠢᠯᠡᠰ᠂ ᠰᠢᠨ᠎ᠡ ᠲᠥᠷᠥᠯ ᠵᠦᠢᠯ ᠣᠲᠣ ᠶᠠᠭ ᠬᠦᠴᠦᠨ ᠢᠶᠠᠨ ᠬᠠᠳᠠᠭᠠᠯᠠᠵᠤ ᠪᠣᠶ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ