ᠨᠠᠷᠢᠨᠳᠤᠬᠤᠢ | ᠨᠠᠷᠢᠨᠳᠤᠬᠤᠢ ᠪᠠᠯᠭᠠᠰᠤ ᠪᠣᠯ ᠡᠵᠡᠨ ᠬᠤᠷᠤᠭ᠎ᠠ ᠬᠤᠰᠢᠭᠤᠨ ᠤ ᠵᠡᠭᠦᠨ ᠡᠮᠦᠨ᠎ᠡ ᠪᠡᠶ᠎ᠡ ᠳᠤ ᠪᠠᠶᠢᠷᠢᠰᠢᠵᠤ᠂ 2005 ᠣᠨ ᠤ 11 ᠰᠠᠷ᠎ᠠ ᠳᠤ ᠤᠤᠯ ᠤᠨ | ᠨᠠᠷᠢᠨᠳᠤᠬᠤᠢ ᠪᠠᠯᠭᠠᠰᠤ ᠪᠠ ᠲᠤᠬᠤᠢ ᠶᠢᠨ ᠵᠤᠤ ᠪᠠᠯᠭᠠᠰᠤ ᠶᠢ ᠨᠡᠶᠢᠯᠡᠬᠦᠯᠵᠦ᠂ ᠠᠵᠢᠯ ᠤᠨ ᠭᠠᠵᠠᠷ ᠢ ᠤᠤᠯ ᠤᠨ ᠲᠤᠬᠤᠢ ᠶᠢᠨ ᠵᠤᠤ ᠪᠠᠯᠭᠠᠰᠤ ᠳᠤ ᠪᠠᠶᠢᠷᠢᠯᠠᠭᠤᠯᠵᠤ᠂ | ᠵᠡᠭᠦᠨ ᠡᠮᠦᠨ᠎ᠡ ᠲᠠᠯ᠎ᠠ ᠪᠠᠷ ᠢᠶᠠᠨ ᠲᠤᠰ ᠲᠤᠰ ᠱᠠᠨᠰᠢ ᠮᠤᠵᠢ ᠶᠢᠨ ᠹᠦ᠋ ᠬᠥ᠋ ᠰᠢᠶᠠᠨ᠂ ᠰᠠᠶᠢᠨᠳᠤᠷ᠎ᠠ ᠬᠤᠲᠠ ᠲᠠᠢ ᠬᠥᠷᠰᠢᠯᠡᠵᠦ᠂ ᠵᠡᠭᠦᠨ ᠬᠤᠶᠢᠲᠤ ᠲᠠᠯ᠎ᠠ ᠪᠠᠷ ᠢᠶᠠᠨ | ᠵᠡᠭᠦᠨᠭᠠᠷ ᠬᠤᠰᠢᠭᠤ᠂ ᠳ᠋ᠦᠩᠱᠧᠩ ᠲᠣᠭᠤᠷᠢᠭ ᠲᠠᠢ ᠬᠥᠷᠰᠢᠯᠡᠵᠦ ᠪᠠᠶᠢᠳᠠᠭ᠃ ᠬᠠᠷᠢᠶᠠᠨ ᠳᠤ 1 ᠬᠤᠲᠠ ᠪᠠᠯᠭᠠᠰᠤᠨ ᠤ ᠨᠡᠶᠢᠭᠡᠮ ᠲᠣᠭᠤᠷᠢᠭ᠂ 16 ᠵᠠᠰᠠᠭ | ᠵᠠᠬᠢᠷᠭᠠᠨ ᠤ ᠲᠣᠰᠬᠤᠨ ᠤ 117 ᠬᠤᠷᠰᠢᠶ᠎ᠠ ᠲᠠᠢ᠂ ᠶᠡᠷᠦᠩᠬᠡᠢ ᠲᠠᠯᠠᠪᠠᠶ ᠨᠢ 768 ᠲᠡᠭᠰᠢ ᠳᠥᠷᠪᠡᠯᠵᠢᠨ ᠺᠢᠯᠣᠮᠧᠲᠷ ᠪᠣᠯᠣᠨ᠎ᠠ᠃ ᠪᠥᠬᠦ ᠪᠠᠯᠭᠠᠰᠤᠨ ᠤ ᠪᠥᠬᠦ | ᠬᠥᠮᠥᠨ ᠠᠮᠠ 5 ᠲᠦᠮᠡ ᠪᠠᠶᠢᠵᠤ᠂ ᠡᠭᠦᠨ ᠳᠤ ᠡᠷᠦᠬᠡ ᠠᠮᠠ ᠶᠢᠨ ᠲᠠᠩᠰᠠ ᠶᠢᠨ ᠪᠥᠬᠦ ᠬᠥᠮᠥᠨ ᠠᠮᠠ 1.7 ᠲᠦᠮᠡ ᠪᠠᠶᠢᠨ᠎ᠠ᠃ ᠪᠠᠯᠭᠠᠰᠤᠨ ᠤ ᠨᠠᠮ ᠤᠨ | ᠬᠤᠷᠢᠶᠠᠨ ᠤ ᠬᠠᠷᠢᠶᠠᠨ ᠳᠤ 19 ᠨᠠᠮ ᠤᠨ ᠡᠭᠦᠷ ᠲᠠᠢ᠂ ᠨᠡᠶᠢᠲᠡ 581 ᠨᠠᠮ ᠤᠨ ᠭᠡᠰᠢᠭᠦᠨ ᠲᠠᠢ᠂ ᠡᠭᠦᠨ ᠳᠤ ᠮᠠᠯᠴᠢᠨ ᠲᠠᠷᠢᠶᠠᠴᠢᠨ ᠨᠠᠮ ᠤᠨ ᠭᠡᠰᠢᠭᠦᠨ 506 | ᠪᠣᠶ᠃ ᠬᠢᠯᠢ ᠶᠢᠨ ᠳᠣᠲᠣᠷᠠᠬᠢ ᠨᠡᠭᠦᠷᠡᠰᠦᠨ ᠤ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠨᠡᠶᠢᠲᠡᠯᠢᠭ ᠠᠵᠤ ᠦᠢᠯᠡᠳᠪᠦᠷᠢ ᠶᠢᠨ ᠠᠭᠤᠷᠬᠠᠢ ᠶᠢᠨ ᠣᠷᠣᠨ ᠳᠤ | ᠬᠠᠷᠢᠶᠠᠯᠠᠭᠳᠠᠵᠤ᠂ 85 ᠦᠢᠯᠡᠳᠪᠦᠷᠢ ᠠᠭᠤᠷᠬᠠᠢ ᠠᠵᠤ ᠠᠬᠤᠶᠢᠯᠠᠯ᠂ 47 ᠨᠡᠭᠦᠷᠡᠰᠦᠨ ᠠᠭᠤᠷᠬᠠᠢ ᠪᠠᠶᠢᠵᠤ᠂ ᠪᠥᠬᠦ ᠪᠠᠯᠭᠠᠰᠤ ᠶᠢᠨ ᠬᠠᠶᠢᠨ ᠲᠣᠳᠣᠯᠠᠭᠰᠠᠨ | ᠨᠡᠭᠦᠷᠡᠰᠦᠨ ᠤ ᠬᠠᠳᠠᠭᠠᠯᠠᠭᠳᠠᠴᠠ 50 ᠳ᠋ᠦᠩᠰᠢᠭᠤᠷ ᠲᠣᠨ᠂ ᠶᠡᠷᠦᠩᠬᠡᠢ ᠠᠭᠤᠷᠬᠠᠢ ᠶᠢᠨ ᠲᠠᠯᠠᠪᠠᠶ ᠨᠢ 538 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ | ᠵᠢᠯ ᠤᠨ ᠨᠡᠭᠦᠷᠡᠰᠦᠨ ᠤ ᠭᠠᠷᠤᠯᠲᠠ ᠨᠢ ᠪᠠᠷᠤᠭ 8000 ᠲᠦᠮᠡᠨ ᠲᠣᠨ ᠳᠤ ᠬᠦᠷᠪᠡ᠃ ᠬᠢᠯᠢ ᠶᠢᠨ ᠳᠣᠲᠣᠷ᠎ᠠ ᠰᠢᠯᠵᠢᠭᠦᠯᠵᠦ ᠪᠣᠯᠣᠰᠢ ᠦᠭᠡᠢ ᠲᠡᠦᠬᠡ ᠶᠢᠨ | ᠳᠤᠷᠠᠰᠬᠠᠯᠲᠤ ᠵᠦᠢᠯ 35 ᠪᠠᠶᠢᠵᠤ᠂ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠬᠡᠴᠢ 6 ᠪᠤᠢ᠂ ᠡᠭᠦᠨ ᠳᠤ ᠵᠢᠷᠦᠬᠡ ᠶᠢᠨ | ᠭᠤᠤᠯ ᠤᠨ ᠪᠠᠭᠤᠷᠢ᠂ ᠪᠠᠶᠢᠯᠳᠤᠭᠠᠨᠲᠤ ᠤᠯᠤᠰ ᠤᠨ ᠴᠢᠨ ᠤᠯᠤᠰ ᠤᠨ ᠴᠠᠭᠠᠨ ᠬᠡᠷᠡᠮ ᠢᠶᠠᠷ ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ | ᠵᠦᠢᠯ ᠤᠨ ᠬᠠᠮᠠᠭᠠᠯᠠᠯᠲᠠ ᠶᠢᠨ ᠨᠢᠬᠡᠴᠢ ᠪᠣᠯᠭᠠᠵᠤ᠂ ᠲᠤᠬᠤᠢ ᠶᠢᠨ ᠵᠤᠤ᠂ ᠭᠤᠷᠪᠠᠨ ᠢᠵᠢ ᠴᠢᠯᠠᠭᠤᠨ ᠴᠠᠭᠠᠷᠢᠭ ᠤᠨ ᠪᠠᠭᠤᠷᠢ᠂ ᠡᠷᠲᠡᠨ ᠤ ᠬᠤᠳᠠ ᠶᠢᠨ ᠪᠠᠭᠤᠷᠢ | ᠨᠢ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠬᠡᠴᠢ ᠪᠠᠶᠢᠵᠤ᠂ ᠳ᠋ᠢᠶᠠᠨ ᠱᠢ ᠸᠠᠨ | ᠬᠤᠳᠠ ᠶᠢᠨ ᠪᠠᠭᠤᠷᠢ ᠨᠢ ᠬᠤᠳᠠ ᠶᠢᠨ ᠲᠡᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠬᠡᠴᠢ ᠪᠠᠶᠢᠵᠤ᠂ ᠤᠷᠳᠤ | ᠬᠤᠭᠤᠴᠠᠭᠠᠨ ᠤ ᠲᠤᠷᠰᠢ ᠭᠦᠨ ᠵᠤᠵᠠᠭᠠᠨ ᠰᠣᠶᠣᠯ ᠤᠨ ᠠᠭᠤᠯᠬᠤᠨ ᠲᠠᠢ᠃ | ᠨᠠᠷᠢᠨᠳᠤᠬᠤᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤᠨ ᠤ | ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠪᠦᠬᠦ ᠪᠠᠯᠭᠠᠰᠤᠨ ᠤ ᠦᠨᠳᠦᠰᠦᠲᠡᠨ ᠨᠦᠭᠦᠳ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠪᠥᠬᠦ ᠪᠠᠯᠭᠠᠰᠤ ᠶᠢᠨ ᠠᠵᠤ ᠠᠬᠤᠢ ᠨᠡᠶᠢᠭᠡᠮ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠪᠣᠬᠢᠷᠲᠤᠯ | ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠬᠥᠭᠵᠢᠭᠦᠯᠦᠨ ᠪᠤᠵᠠᠭᠠᠶᠢᠷᠠᠭᠤᠯᠬᠤ ᠲᠣᠰᠬᠤᠨ ᠤ ᠬᠠᠮᠲᠤ ᠶᠢᠨ ᠠᠵᠤ ᠠᠬᠤᠢ ᠲᠠᠢ ᠭᠦᠨᠵᠡᠭᠡᠢ ᠣᠷᠭᠠᠨᠢᠭ ᠢᠶᠠᠷ | ᠠᠭᠤᠰᠤᠯᠴᠠᠭᠤᠯᠵᠤ᠂ ︽ᠠᠮᠢ ᠠᠬᠤᠢ ᠶᠢ ᠠᠵᠤ ᠦᠶᠢᠯᠡᠰᠵᠢᠭᠦᠯᠬᠦ᠂ ᠠᠵᠤ ᠦᠢᠯᠡᠰ ᠢ ᠠᠮᠢ ᠠᠬᠤᠶᠢᠵᠢᠭᠤᠯᠬᠤ︾ ᠣᠨᠣᠯᠵᠢᠬᠤᠨ ᠢ ᠪᠠᠷᠢᠮᠲᠠᠯᠠᠨ᠂ ︽ᠠᠵᠤ | ᠦᠢᠯᠡᠳᠪᠦᠷᠢ ᠶᠢᠨ ᠴᠢᠬᠤᠯᠠ ᠪᠠᠯᠭᠠᠰᠤ + ᠠᠮᠢ ᠠᠬᠤᠢ ᠶᠢᠨ ᠬᠦᠴᠦᠷᠬᠡᠭ ᠪᠠᠯᠭᠠᠰᠤ + ᠰᠣᠶᠣᠯ ᠤᠨ ᠦᠵᠡᠰᠬᠦᠯᠡᠩ ᠤᠨ ᠵᠢᠵᠢᠭ ᠪᠠᠯᠭᠠᠰᠤ︾ ᠪᠠᠷ | ᠬᠥᠭᠵᠢᠯᠲᠡ ᠶᠢᠨ ᠬᠠᠷᠠᠯᠲᠠ ᠪᠣᠯᠭᠠᠵᠤ᠂ ᠬᠠᠷᠢᠶᠠᠲᠤ ᠣᠷᠣᠨ ᠤ 47 ᠠᠭᠤᠷᠬᠠᠢ ᠶᠢ ᠠᠭᠤᠯᠠ ᠲᠠᠢ ᠤᠰᠤ ᠲᠠᠢ ᠠᠵᠤ ᠦᠢᠯᠡᠰ ᠲᠠᠢ ᠦᠵᠡᠰᠬᠦᠯᠡᠩᠲᠦ ᠰᠠᠶᠢᠬᠠᠨ | ᠡᠳ᠋ᠯᠡᠩ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ ᠪᠠᠶᠢᠨ᠎ᠠ᠃ ᠣᠶᠢᠷ᠎ᠠ ᠶᠢᠨ ᠵᠢᠯ ᠠᠴᠠ ᠨᠠᠰᠢ᠂ ᠨᠠᠷᠢᠨᠳᠤᠬᠤᠢ ᠪᠠᠯᠭᠠᠰᠤ ᠶᠢᠨ ᠠᠵᠤ ᠠᠬᠤᠢ | ᠲᠣᠭᠲᠠᠭᠤᠨ ᠢᠶᠠᠷ ᠬᠥᠭᠵᠢᠵᠦ᠂ ᠣᠷᠴᠢᠨ ᠲᠣᠭᠤᠷᠢᠨ ᠮᠡᠳᠡᠭᠳᠡᠮ᠎ᠡ ᠰᠠᠶᠢᠵᠢᠷᠠᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠲᠣᠭᠲᠠᠭᠤᠨ ᠢᠶᠠᠷ | ᠨᠡᠮᠡᠭᠳᠡᠵᠦ᠂ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠪᠦᠬᠦ ᠬᠤᠳᠠ ᠶᠢᠨ ᠰᠤᠮᠤ ᠰᠢᠶᠠᠩ ᠪᠠᠯᠭᠠᠰᠤ ᠶᠢᠨ ᠡᠮᠦᠨ᠎ᠡ ᠡᠩᠨᠡᠭᠡᠨ ᠳᠤ ᠣᠷᠣᠵᠤ᠂ | 2023 ᠣᠨ ᠤ ᠳᠡᠭᠡᠷ᠎ᠡ ᠬᠠᠭᠠᠰ ᠵᠢᠯ ᠳᠤ ᠪᠦᠬᠦ ᠲᠦᠷᠦᠯ ᠤᠨ ᠭᠠᠶᠢᠯᠢ ᠶᠢᠨ ᠣᠷᠣᠯᠭ᠎ᠠ 85 ᠳ᠋ᠦᠩᠰᠢᠭᠤᠷ ᠲᠥᠭᠦᠷᠢᠭ ᠲᠤ ᠬᠦᠷᠴᠡᠢ᠃ |