ᠰᠤᠪᠤᠷᠭ᠎ᠠ ᠪᠠᠯᠭᠠᠰᠤ ᠨᠢ ᠡᠵᠡᠨ ᠬᠤᠷᠤᠭ᠎ᠠ ᠬᠤᠰᠢᠭᠤᠨ ᠤ ᠪᠠᠷᠠᠭᠤᠨ ᠬᠤᠶᠢᠲᠤ ᠬᠡᠰᠡᠭ ᠲᠤ ᠪᠠᠶᠢᠷᠢᠯᠠᠵᠤ᠂ ᠤᠤᠯ ᠤᠨ ᠰᠤᠪᠤᠷᠭ᠎ᠠ ᠰᠤᠮᠤ᠂ ᠲᠠᠶᠢᠵᠢᠨᠠᠷ | ᠵᠤᠤ ᠪᠠᠯᠭᠠᠰᠤ᠂ ᠬᠤᠳᠤᠩ ᠤᠨ ᠰᠦᠮ᠎ᠡ ᠶᠢᠨ ᠰᠢᠶᠠᠩ ᠢ 2005 ᠣᠨ ᠳᠤ ᠬᠠᠰᠤᠵᠤ ᠨᠡᠶᠢᠯᠡᠭᠦᠯᠵᠤ ᠪᠤᠢ ᠪᠣᠯᠤᠭᠰᠠᠨ ᠶᠤᠮ᠃ ᠪᠥᠬᠦ ᠪᠠᠯᠭᠠᠰᠤ ᠶᠢᠨ ᠶᠡᠷᠦᠩᠬᠡᠢ | ᠲᠠᠯᠠᠪᠠᠶ ᠨᠢ 944 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠬᠠᠷᠢᠶᠠᠨ ᠳᠤ 27 ᠭᠠᠴᠠᠭ᠎ᠠ ᠲᠣᠰᠬᠤᠨ 1 ᠨᠡᠶᠢᠭᠡᠮ ᠲᠣᠭᠤᠷᠢᠭ ᠲᠠᠢ᠂ ᠶᠡᠷᠦᠩᠬᠡᠢ ᠬᠥᠮᠥᠨ ᠠᠮᠠ | ᠨᠢ 10466 ᠡᠷᠦᠬᠡ 22768 ᠬᠥᠮᠥᠨ ᠪᠠᠶᠢᠵᠤ᠂ ᠪᠠᠶᠢᠩᠭᠤ ᠰᠠᠭᠤᠭ᠎ᠠ ᠬᠥᠮᠥᠨ ᠠᠮᠠ ᠨᠢ 2385 ᠡᠷᠦᠬᠡ 4986 ᠬᠥᠮᠥᠨ ᠪᠠᠶᠢᠨ᠎ᠠ᠃ ᠨᠠᠷᠠᠲᠠᠢ ︽ᠮᠡᠩᠬᠡ | ︾ ᠨᠣᠯᠤᠥᠷ ᠤᠨ ᠴᠠᠭᠠᠨ ᠢᠮᠠᠭᠠᠨ ᠤ ᠭᠤᠣᠯ ᠭᠠᠷᠤᠯᠲᠠ ᠶᠢᠨ ᠣᠷᠣᠨ ᠪᠣᠯᠬᠤ ᠪᠥᠭᠡᠳ ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ | ᠰᠤᠪᠤᠷᠭ᠎ᠠ ᠶᠢᠨ ᠲᠠᠯ᠎ᠠ ᠨᠤᠲᠤᠭ ᠪᠠ ᠣᠷᠳᠣᠰ ᠤᠨ ᠦᠪᠦᠷ ᠮᠤᠩᠭᠤᠯ ᠵᠢᠶᠠᠩᠰᠤ ᠶᠢᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠪᠠᠶᠢᠭ᠎ᠠ ᠭᠠᠵᠠᠷ ᠪᠣᠯᠣᠨ᠎ᠠ᠃ | ᠤᠷᠢᠳ ᠬᠤᠵᠢᠳ ︽ᠪᠥᠬᠦ ᠤᠯᠤᠰ ᠤᠨ ᠠᠷᠪᠠᠨ ᠰᠢᠯᠢᠳᠡᠭ ᠪᠣᠬᠢᠷᠲᠤᠯ ᠦᠭᠡᠢ ᠰᠢᠶᠠᠩ ᠪᠠᠯᠭᠠᠰᠤ︾ ︽ᠪᠥᠬᠦ ᠣᠷᠣᠨ ᠤ ᠣᠷᠴᠢᠨ ᠲᠣᠭᠤᠷᠢᠨ ᠭᠤᠶᠢᠳᠠ ᠰᠠᠶᠢᠬᠠᠨ | ᠰᠢᠶᠠᠩ ᠪᠠᠯᠭᠠᠰᠤ︾ ︽ᠤᠯᠤᠰ ᠤᠨ ᠲᠠᠰ ᠤᠨ ᠠᠮᠢ ᠠᠬᠤᠢ ᠶᠢᠨ ᠰᠢᠶᠠᠩ ᠪᠠᠯᠭᠠᠰᠤ︾ ᠪᠠ ︽ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶᠡᠴᠢ ᠬᠠᠮᠲᠤ︾ ᠵᠡᠷᠭᠡ ᠢᠷᠠᠭᠤ ᠠᠯᠳᠠᠷ ᠢ ᠭᠥᠷᠳᠡᠪᠡ᠃ | ᠣᠶᠢᠷ᠎ᠠ ᠶᠢᠨ ᠵᠢᠯ ᠳᠤ᠂ ᠰᠤᠪᠤᠷᠭ᠎ᠠ ᠪᠠᠯᠭᠠᠰᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠵᠢᠴᠢ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠣᠰ ᠪᠡᠶ᠎ᠡ ᠶᠢᠨ ᠠᠭᠤᠯᠬᠤᠨ ᠢᠶᠠᠨ ᠪᠥᠬᠦ ᠬᠦᠴᠦᠨ ᠢᠶᠠᠷ ᠢᠶᠠᠨ ᠠᠭᠤᠳᠠᠯᠵᠤ᠂ | ᠬᠥᠭᠵᠢᠯᠲᠡ ᠶᠢᠨ ᠳᠠᠪᠠᠭᠤᠯᠢᠭ ᠢᠶᠠᠨ ᠪᠠᠲᠤᠳᠬᠠᠨ᠂ ᠭᠠᠴᠠᠭ᠎ᠠ ᠲᠣᠰᠬᠤᠨ ᠤ ᠣᠷᠣᠰᠢᠨ ᠲᠣᠭᠲᠠᠨᠢᠬᠤ ᠨᠥᠬᠦᠴᠡᠯ ᠵᠢᠴᠢ ᠣᠷᠣᠨ ᠪᠠᠶᠢᠷᠢ ᠶᠢᠨ ᠳᠠᠪᠠᠭᠤᠯᠢᠭ ᠢᠶᠠᠷ | ᠲᠦᠰᠢᠭ ᠪᠣᠯᠭᠠᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠲᠥᠪᠯᠡᠷᠡᠭᠰᠡᠨ ᠣᠷᠣᠨ᠂ ᠰᠡᠯᠡᠭᠦᠴᠡᠯ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ | ᠂ ᠠᠮᠢ ᠠᠬᠤᠢ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠣᠷᠣᠨ ᠵᠢᠴᠢ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠵᠣᠯᠭᠠᠭᠤᠯᠬᠤ ᠣᠷᠣᠨ ᠵᠡᠷᠭᠡ | ᠳᠥᠷᠪᠡᠨ ᠶᠡᠭᠡ ᠣᠷᠣᠨ ᠪᠦᠰᠡ ᠶᠢ ᠨᠢᠭᠡᠳᠦᠯᠲᠡᠢ ᠲᠥᠯᠥᠪᠵᠢᠭᠦᠯᠦᠨ᠎ᠡ᠃ ᠠᠵᠤ ᠦᠢᠯᠡᠰ ᠤᠨ ᠰᠦᠷᠦᠭᠵᠢᠯ ᠳᠤ ᠠᠩᠬᠠᠷᠤᠯ ᠢᠶᠠᠨ ᠲᠥᠪᠯᠡᠷᠡᠭᠦᠯᠬᠦ ᠪᠠᠷ ᠬᠠᠷᠠᠯᠲᠠ | ᠪᠣᠯᠭᠠᠵᠤ᠂ ᠮᠡᠩᠬᠡ ᠶᠢᠨ ᠨᠣᠯᠤᠥᠷ ᠤᠨ ᠢᠮᠠᠭ᠎ᠠ᠂ ᠭᠠᠭ᠋ᠠᠢ ᠲᠡᠵᠢᠭᠡᠨ ᠦᠷᠡᠵᠢᠭᠦᠯᠬᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ᠂ ᠵᠢᠭᠦᠷᠲᠡᠨ ᠤ ᠲᠥᠷᠥᠯ ᠤᠨ | ᠲᠡᠵᠢᠭᠡᠨ ᠦᠷᠡᠵᠢᠭᠦᠯᠬᠦ ᠵᠢᠴᠢ ᠣᠨᠴᠠᠯᠢᠭᠲᠤ ᠲᠠᠷᠢᠮᠠᠯ ᠵᠡᠷᠭᠡ ᠲᠠᠪᠤᠨ ᠶᠡᠭᠡ ᠠᠵᠤ ᠦᠢᠯᠡᠰ ᠤᠨ ᠬᠦᠷᠢᠶᠡᠯᠡᠩ ᠢ ᠰᠢᠨᠵᠢᠯᠡᠬᠦ ᠤᠬᠠᠭᠠᠨᠴᠢ ᠪᠠᠷ ᠪᠠᠶᠢᠭᠤᠯᠤᠨ᠎ᠠ᠃ | ᠲᠡᠦᠬᠡ ᠬᠥᠮᠥᠨ ᠰᠣᠶᠣᠯ ᠪᠠ ᠨᠡᠭᠦᠳᠡᠯ ᠮᠠᠯᠵᠢᠯ ᠤᠨ ᠰᠣᠶᠣᠯ ᠲᠠᠢ ᠤᠶᠠᠯᠳᠤᠭᠤᠯᠤᠨ᠂ ᠰᠣᠶᠣᠯ ᠵᠢᠭᠤᠯᠴᠢᠯᠠᠯ ᠤᠨ ᠠᠵᠤ ᠠᠬᠤᠢ ᠶᠢᠨ ᠬᠦᠷᠢᠶ᠎ᠡ ᠶᠢ ᠲᠦᠷᠭᠡᠳᠬᠡᠨ | ᠪᠠᠶᠢᠭᠤᠯᠤᠨ᠎ᠠ᠃ ᠠᠯᠳᠠᠨᠰᠢᠷᠡᠭᠡ ᠠᠴᠠ ᠲᠦᠴᠢᠨ ᠭᠠᠵᠠᠷ ᠤᠨ ᠰᠢᠯᠢ ᠬᠦᠷᠬᠦ ᠱᠤᠭᠤᠮ᠂ ᠵᠤᠭᠠᠴᠠᠯ ᠤᠨ ᠲᠤᠰᠬᠠᠢ ᠱᠤᠭᠤᠮ᠂ ᠷᠦᠩ ᠦ᠋ ᠲᠦᠷᠭᠡᠨ ᠤ ᠵᠠᠰᠠᠮᠠᠯ ᠵᠠᠮ | ᠵᠡᠷᠭᠡ ᠭᠤᠷᠪᠠᠨ ᠭᠤᠣᠯ ᠵᠠᠮ ᠬᠠᠷᠢᠯᠴᠠᠭᠠᠨ ᠤ ᠭᠤᠣᠯ ᠵᠠᠮ ᠤᠨ ᠲᠣᠭᠤᠷᠢᠨ ᠳᠤ᠂ ᠪᠣᠬᠢᠷᠲᠤᠯ ᠦᠭᠡᠢ ᠦᠵᠡᠮᠵᠢ ᠶᠢᠨ ᠪᠦᠰᠡ᠂ ᠠᠮᠢ ᠠᠬᠤᠢ ᠶᠢᠨ ᠪᠦᠰᠡ ᠶᠢ | ᠬᠦᠴᠦᠯᠡᠨ ᠪᠤᠶ ᠪᠣᠯᠭᠠᠵᠤ᠂ ᠪᠥᠬᠦ ᠪᠠᠯᠭᠠᠰᠤ ᠶᠢᠨ ᠬᠦᠴᠦᠨ ᠢ ᠳᠠᠶᠢᠴᠢᠯᠠᠨ ︽ᠳᠥᠷᠪᠡᠨ ᠲᠣᠭᠤᠷᠢᠭ᠂ ᠲᠠᠪᠤᠨ ᠬᠦᠷᠢᠶᠡᠯᠡᠩ᠂ ᠨᠢᠭᠡ ᠲᠣᠭᠤᠷᠢᠭ᠂ ᠭᠤᠷᠪᠠᠨ ᠪᠦᠰᠡ | ︾ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠪᠠᠶᠢᠷᠢᠰᠢᠯ ᠢ ᠪᠠᠶᠢᠭᠤᠯᠵᠤ᠂ ᠰᠤᠪᠤᠷᠭ᠎ᠠ ᠪᠠᠯᠭᠠᠰᠤ ᠶᠢ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ | ᠵᠢᠱᠢᠶ᠎ᠡ ᠦᠵᠡᠭᠦᠯᠬᠦ ᠪᠠᠯᠭᠠᠰᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠥᠯᠢᠭᠡᠷ ᠳᠠᠭᠤᠷᠢᠶᠠᠯ ᠪᠠᠯᠭᠠᠰᠤ᠂ ᠦᠨᠳᠦᠰᠦᠨ ᠱᠠᠲᠤᠨ ᠤ ᠵᠠᠰᠠᠯᠲᠠ ᠶᠢᠨ | ᠬᠤᠰᠢᠭᠤᠴᠢ ᠪᠠᠯᠭᠠᠰᠤ᠂ ᠠᠵᠤ ᠦᠢᠯᠡᠰ ᠤᠨ ᠣᠨᠴᠠᠯᠢᠭᠲᠤ ᠰᠣᠳᠣᠨ ᠪᠠᠯᠭᠠᠰᠤ᠂ ᠪᠣᠬᠢᠷᠲᠤᠯ ᠦᠭᠡᠢ ᠠᠮᠢ ᠠᠬᠤᠢ ᠶᠢᠨ ᠠᠮᠢᠵᠢᠷᠠᠯ ᠤᠨ ᠬᠦᠴᠦᠨ ᠲᠠᠢ ᠪᠠᠯᠭᠠᠰᠤ | ᠪᠣᠯᠭᠠᠨ ᠪᠦᠲᠦᠭᠡᠨ ᠪᠠᠶᠢᠭᠤᠯᠵᠤ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠶᠠᠪᠤᠴᠠ ᠳᠤ ᠬᠤᠰᠢᠭᠤᠴᠢ ᠪᠣᠯᠵᠤ᠂ ᠲᠦᠷᠦᠭᠦᠨ ᠳᠤᠨᠢ | ᠤᠷᠤᠭᠰᠢᠯᠠᠬᠤ ᠪᠠᠷ ᠴᠢᠷᠮᠠᠶᠢᠨ᠎ᠠ᠃ |