| ᠠᠷᠠᠳ ᠤᠨ ᠰᠦᠯᠵᠢᠶ᠎ᠡ ᠶᠢᠨ ᠪᠡᠭᠡᠵᠢᠩ ᠤᠨ 9 ᠰᠠᠷ᠎ᠠ ᠶᠢᠨ 7 ᠤ ᠡᠳᠦᠷ ᠤᠨ ᠮᠡᠳᠡᠭᠡ ︵ᠰᠤᠷᠪᠤᠯᠵᠢᠯᠠᠭᠴᠢ ᠷᠧᠨ ᠶᠠᠨ︶ 9 ᠰᠠᠷ᠎ᠠ ᠶᠢᠨ 7 ᠤ ᠡᠳᠦᠷ᠂ | ᠡᠳ᠋ ᠤᠨ ᠵᠠᠰᠠᠭ ᠤᠨ ᠶᠠᠮᠤᠨ ᠤ ᠳᠡᠳ᠋ ᠰᠠᠶᠢᠳ ᠸᠠᠩ ᠳ᠋ᠦᠩ ᠸᠧᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠶᠢᠨ ᠵᠤᠷᠰᠢᠯᠲᠤ ᠰᠣᠨᠢᠨ | ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠡᠯᠡᠬᠦ ᠳᠡᠭᠡᠨ᠂ ᠣᠳᠣᠬᠠᠨ ᠳᠤ ᠵᠢᠯ ᠤᠨ ᠣᠷᠣᠯᠭ᠎ᠠ ᠨᠢ 10 ᠲᠦᠮᠡᠨ ᠲᠥᠭᠦᠷᠢᠭ ᠠᠴᠠ ᠳᠣᠷᠣᠭᠰᠢᠬᠢ ᠬᠤᠪᠢ ᠬᠥᠮᠦᠨ | ᠦᠨᠳᠦᠰᠦᠨ ᠳᠡᠭᠡᠨ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠲᠤᠰᠢᠶᠠᠬᠤ ᠥᠬᠡᠶ ᠪᠤᠶᠤ ᠵᠥᠪᠬᠡᠨ ᠪᠠᠭ᠎ᠠ ᠬᠡᠮᠵᠢᠶᠡᠨ ᠤ ᠭᠠᠶᠢᠯᠢ ᠲᠤᠰᠢᠶᠠᠵᠦ ᠪᠠᠶᠢᠨ᠎ᠠ | ᠭᠡᠪᠡ᠃ ᠲᠠᠨᠢᠯᠴᠠᠭᠤᠯᠤᠭᠰᠠᠨ ᠢ ᠦᠨᠳᠦᠰᠦᠯᠡᠪᠡᠯ᠂ ᠭᠤᠷᠪᠠᠨ ᠵᠦᠢᠯ ᠤᠨ ᠲᠤᠰᠬᠠᠶ ᠵᠦᠢᠯ ᠤᠨ ᠨᠡᠮᠡᠯᠲᠡ ᠰᠠᠭᠤᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠤ | ᠳᠠᠷᠠᠭ᠎ᠠ᠂ ᠭᠠᠶᠢᠯᠢ ᠲᠤᠰᠢᠶᠠᠭᠴᠢ ᠶᠢᠨ ᠭᠠᠶᠢᠯᠢ ᠲᠠᠲᠠᠪᠤᠷᠢ ᠶᠢᠨ ᠡᠭᠦᠷᠭᠡᠯᠡᠯ ᠤᠯᠠᠮ ᠢᠶᠠᠷ ᠪᠠᠭᠤᠷᠠᠬᠤ ᠪᠣᠯᠤᠨ᠎ᠠ᠂ ᠢᠯᠠᠩᠭᠤᠶ᠎ᠠ ᠳᠤᠮᠳᠠ ᠵᠡᠷᠭᠡ ᠶᠢᠨ ᠣᠷᠣᠯᠭ᠎ᠠ ᠲᠠᠢ | ᠬᠥᠮᠦᠰ ᠤᠨ ᠭᠠᠶᠢᠯᠢ ᠬᠥᠩᠭᠡᠯᠡᠬᠦ ᠬᠡᠪᠴᠢᠶ᠎ᠡ ᠨᠢ ᠨᠠᠩ ᠶᠡᠭᠡ ᠪᠣᠯᠤᠨ᠎ᠠ᠃ | ᠵᠢᠱᠢᠶᠡᠯᠡᠪᠡᠯ᠂ ᠭᠠᠶᠢᠯᠢ ᠲᠤᠰᠢᠶᠠᠭᠴᠢ ᠨᠢ ᠬᠤᠶᠠᠷ ᠬᠡᠦᠬᠡᠳ ᠲᠠᠢ᠂ ᠲᠡᠭᠦᠨ ᠤ ᠡᠴᠢᠭᠡ ᠪᠤᠶᠤ ᠡᠵᠢ ᠨᠢ ᠪᠦᠬᠦᠯᠢ 60 ᠨᠠᠰᠤ ᠬᠦᠷᠦᠭᠰᠡᠨ ᠪᠠᠶᠢᠪᠠᠯ᠂ ᠰᠢᠨ᠎ᠡ | ᠰᠠᠭᠤᠳᠬᠠᠯ ᠤᠨ ᠪᠠᠷᠢᠮᠵᠢᠶ᠎ᠠ ᠪᠠᠷ ᠵᠢᠱᠢᠵᠦ ᠪᠤᠳᠤᠪᠠᠯ᠂ ᠡᠨᠡ ᠬᠦ ᠭᠠᠶᠢᠯᠢ ᠲᠤᠰᠢᠶᠠᠭᠴᠢ ᠠᠴᠠ ᠰᠠᠷ᠎ᠠ ᠪᠦᠷᠢ ᠢᠯᠡᠭᠦᠦ 3000 ᠲᠥᠭᠦᠷᠢᠭ ᠬᠠᠰᠤᠪᠠᠯ᠂ ᠨᠢᠭᠡ | ᠵᠢᠯ ᠳᠤ ᠳᠠᠷᠤᠶ ᠢᠯᠡᠭᠦᠦ 36000 ᠲᠥᠭᠦᠷᠢᠭ ᠰᠠᠭᠤᠳᠬᠠᠵᠤ ᠠᠪᠬᠤ ᠪᠣᠯᠤᠨ᠎ᠠ᠃ ᠬᠡᠷᠪᠡ ᠡᠨᠡ ᠭᠠᠶᠢᠯᠢ ᠲᠤᠰᠢᠶᠠᠭᠴᠢ ᠶᠢᠨ ᠵᠢᠯ ᠤᠨ ᠣᠷᠣᠯᠭ᠎ᠠ ᠨᠢ 20 | ᠲᠦᠮᠡᠨ ᠲᠥᠭᠦᠷᠢᠭ ᠪᠣᠯ ᠭᠠᠶᠢᠯᠢ ᠬᠥᠩᠭᠡᠯᠡᠬᠦ ᠬᠡᠮᠵᠢᠶ᠎ᠡ ᠨᠢ 54 % ᠳᠤ ᠬᠦᠷᠦᠨ᠎ᠡ︔ ᠬᠡᠷᠪᠡ ᠡᠨᠡ ᠭᠠᠶᠢᠯᠢ ᠲᠤᠰᠢᠶᠠᠭᠴᠢ ᠶᠢᠨ ᠵᠢᠯ ᠤᠨ ᠣᠷᠣᠯᠭ᠎ᠠ 50 ᠲᠦᠮᠡᠨ | ᠲᠥᠭᠦᠷᠢᠭ ᠪᠣᠯ ᠭᠠᠶᠢᠯᠢ ᠬᠥᠩᠭᠡᠯᠡᠬᠦ ᠬᠡᠮᠵᠢᠶ᠎ᠡ ᠨᠢ 14% ᠳᠤ ᠬᠦᠷᠦᠨ᠎ᠡ᠃ ᠡᠨᠡ ᠨᠢ ᠰᠠᠭᠤᠭᠠᠯᠢ ᠠᠷᠠᠳ ᠤᠨ ᠬᠤᠪᠢ ᠬᠥᠮᠦᠨ ᠤ ᠡᠵᠡᠮᠳᠡᠵᠦ ᠪᠣᠯᠬᠤ | ᠣᠷᠣᠯᠭ᠎ᠠ ᠶᠢ ᠨᠡᠮᠡᠭᠳᠡᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠳᠤ ᠮᠠᠰᠢ ᠴᠢᠬᠤᠯᠠ ᠢᠳᠡᠪᠬᠢ ᠦᠢᠯᠡᠳᠦᠯ ᠦᠵᠡᠬᠦᠯᠬᠦ ᠶᠤᠮ᠃ | |