ᠬᠦᠡᠭᠭᠡᠵᠢᠯ ᠤᠨ ᠨᠡᠮᠡᠭᠦᠷᠢ ᠮᠥᠩᠭᠦ ᠭᠤᠶᠤᠴᠢᠯᠠᠨ ᠠᠪᠬᠤ ᠳᠤ ᠣᠷᠤᠭ ᠤᠨ ᠭᠡᠷᠡᠴᠢ ᠠᠪᠬᠤ ᠥᠬᠡᠶ ᠪᠤᠯᠪᠠ᠂ ᠣᠯᠠᠨ ᠭᠠᠵᠠᠷ ᠤᠨ ᠬᠢᠨ ᠬᠢᠵᠠᠭᠠᠷᠯᠠᠯ ᠢ ᠠᠭᠤᠵᠢᠭᠤ ᠲᠠᠯᠪᠢᠵᠦ ᠪᠠᠶᠢᠨ᠎ᠠ
ᠨᠡᠶᠢᠲᠡᠯᠡᠭᠰᠡᠨ ᠴᠠᠭ᠄
2023/9/20
      ᠳᠤᠮᠳᠠᠳᠤ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠪᠡᠭᠡᠵᠢᠩ ᠤᠨ 9 ᠰᠠᠷ᠎ᠠ ᠶᠢᠨ 6᠎ ᠤ ᠡᠳᠦᠷ ᠤᠨ ᠮᠡᠳᠡᠭᠡ ︵ᠱᠤᠤ ᠮᠧᠩ︶ ᠣᠯᠠᠨ ᠭᠠᠵᠠᠷ ᠤᠨ ᠎ ᠬᠢᠨ ᠬᠦᠡᠭᠭᠡᠵᠢᠯ ᠤᠨ ᠳᠠᠭᠠᠳᠬᠠᠯ ᠪᠠ ᠨᠡᠮᠡᠭᠦᠷᠢ ᠮᠥᠩᠭᠦ ᠭᠥᠷᠳᠡᠬᠦ ᠬᠢᠵᠠᠭᠠᠷᠯᠠᠯ ᠢ ᠤᠯᠠᠮ ᠴᠢᠨᠠᠬᠰᠢᠳᠠ ᠠᠭᠤᠵᠢᠭᠤ ᠲᠠᠯᠪᠢᠪᠠ᠃ ᠴᠦᠩᠴᠢᠩ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠣᠶᠢᠷ᠎ᠠ ᠳᠤ ︽ᠬᠦᠡᠭᠭᠡᠵᠢᠯ ᠤᠨ ᠳᠠᠭᠠᠳᠬᠠᠯ ᠤᠨ ᠭᠠᠷᠲᠠᠨ ᠬᠦᠢᠴᠡᠳᠭᠡᠬᠦ ᠦᠢᠯᠡᠴᠢᠯᠡᠭᠡᠨ ᠤ ᠬᠤᠯᠪᠣᠭᠳᠠᠯ ᠪᠥᠬᠦᠶ ᠵᠦᠢᠯᠡᠰ ᠢ ᠰᠢᠯᠢᠳᠡᠭᠵᠢᠭᠦᠯᠬᠦ ᠲᠤᠬᠠᠶ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ 9 ᠰᠠᠷ᠎ᠠ ᠶᠢᠨ 1᠎ ᠤ ᠡᠳᠦᠷ ᠠᠴᠠ ᠡᠬᠢᠯᠡᠨ ᠳᠠᠭᠠᠳᠬᠠᠯ ᠳᠤ ᠣᠷᠣᠯᠴᠠᠭᠰᠠᠳ ᠬᠦᠡᠭᠭᠡᠵᠢᠯ ᠤᠨ ᠳᠠᠭᠠᠳᠬᠠᠯ ᠤᠨ ᠬᠤᠯᠪᠣᠭᠳᠠᠯ ᠪᠥᠬᠦᠶ ᠬᠠᠷᠠᠭᠠᠯᠵᠠᠯ ᠤᠨ ᠮᠦᠡᠭᠭᠦ ᠶᠢ ᠭᠤᠶᠤᠴᠢᠯᠠᠨ ᠠᠪᠬᠤ ᠎ ᠳᠤ᠂ ᠬᠦᠡᠭᠭᠡᠵᠢᠯ ᠤᠨ ᠦᠢᠯᠡᠴᠢᠯᠡᠭᠡᠨ ᠤ ᠦᠨᠡᠮᠯᠡᠯ᠂ ᠳᠠᠬᠢᠨ ᠬᠦᠡᠭᠭᠡᠵᠢᠭᠰᠡᠨ ᠦᠢᠯᠡᠴᠢᠯᠡᠭᠡᠨ ᠤ ᠦᠨᠡᠮᠯᠡᠯ᠂ ᠣᠷᠤᠭ ᠤᠨ ᠦᠨᠡᠮᠯᠡᠯ ᠢ ᠠᠪᠬᠤ ᠥᠬᠡᠶ᠃       ᠤᠷᠤᠭᠯᠠᠭᠰᠠᠨ ᠦᠭᠡᠢ ᠪᠠᠷ ᠬᠡᠦᠬᠡᠳ ᠠᠪᠤᠭᠰᠠᠨ ᠡᠮᠡᠭᠳᠡᠶᠢᠴᠤᠳ ᠤᠨ ᠬᠦᠡᠭᠭᠡᠵᠢᠯ ᠤᠨ ᠨᠡᠮᠡᠭᠦᠷᠢ ᠮᠥᠩᠭᠦ ᠬᠦᠷᠳᠡᠬᠦ ᠶᠢ ︽ᠠᠭᠤᠵᠢᠭᠤ ᠲᠠᠯᠪᠢᠬᠰᠠᠨ︾ ᠎ ᠠᠴᠠ ᠭᠠᠳᠠᠨ᠎ᠠ᠂ ᠤᠢᠢᠷ᠎ᠠ ᠳᠤ ᠪᠠᠰᠠ ᠵᠠᠷᠢᠮ ᠭᠠᠵᠠᠷ ᠤᠨ ᠬᠢᠨ ᠠᠮᠢᠳᠤᠯᠢᠭ ᠢᠶᠠᠷ ᠠᠵᠢᠯ ᠣᠯᠤᠭᠰᠠᠳ ᠢ ᠬᠦᠡᠭᠭᠡᠵᠢᠯ ᠤᠨ ᠳᠠᠭᠠᠳᠬᠠᠯ ᠳᠤ ᠤᠷᠤᠭᠤᠯᠤᠨ᠎ᠠ ᠭᠡᠵᠦ ᠲᠣᠳᠣᠷᠬᠠᠶᠢᠯᠠᠪᠠ᠃ ᠬᠦᠢᠵᠸᠦ ᠮᠤᠵᠢ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠣᠶᠢᠷ᠎ᠠ ᠳᠤ ︽ᠬᠦᠡᠭᠭᠡᠵᠢᠯ ᠤᠨ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠬᠦ ᠲᠤᠬᠠᠶ ᠮᠡᠳᠡᠭᠳᠡᠯ︾᠎ ᠢ ᠨᠡᠶᠢᠲᠡᠯᠡᠵᠦ᠂ 10 ᠰᠠᠷ᠎ᠠ ᠶᠢᠨ 1᠎ ᠤ ᠡᠳᠦᠷ ᠠᠴᠠ ᠡᠬᠢᠯᠡᠨ᠂ ᠠᠮᠢᠳᠤᠯᠢᠭ ᠢᠶᠠᠷ ᠠᠵᠢᠯ ᠣᠯᠤᠭᠰᠠᠳ ᠢ ᠬᠦᠡᠭᠭᠡᠵᠢᠯ ᠤᠨ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃ ᠡᠭᠦᠨ ᠤ ᠬᠠᠮᠲᠤ ᠳᠠᠭᠠᠳᠬᠠᠯ ᠳᠤ ᠣᠷᠣᠯᠴᠠᠭᠰᠠᠳ ᠤᠨ ᠬᠦᠡᠭᠭᠡᠵᠢᠯ ᠤᠨ ᠳᠠᠭᠠᠳᠬᠠᠯ ᠤᠨ ᠬᠠᠷᠠᠭᠠᠯᠵᠠᠯ ᠢ ᠭᠥᠷᠳᠡᠬᠦ ᠶᠢ ᠬᠤᠪᠢ ᠬᠥᠮᠦᠨ ᠤ ᠣᠷᠤᠭ ᠤᠨ ᠪᠠᠶᠢᠳᠠᠯ ᠠᠴᠠ ᠪᠥᠬᠦ ᠲᠠᠯ᠎ᠠ ᠪᠠᠷ ᠰᠠᠯᠭᠠᠬᠤ ᠶᠢ ᠱᠠᠭᠠᠷᠳᠠᠵᠠᠢ᠃ ᠳᠤᠮᠳᠠᠳᠤ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠣᠶᠢᠯᠠᠭᠠᠭᠰᠠᠨ ᠢᠶᠠᠷ᠂ ᠴᠥᠭᠡᠨ ᠪᠤᠰᠤ ᠭᠠᠵᠠᠷ ᠣᠷᠣᠨ ᠤ ᠬᠢᠨ ᠤᠷᠤᠭᠯᠠᠭᠰᠠᠨ ᠥᠬᠡᠶ ᠡᠮᠡᠭᠲᠡᠶᠢᠴᠦᠳ ᠤᠨ ᠬᠦᠡᠭᠭᠡᠵᠢᠯ ᠤᠨ ᠳᠠᠭᠠᠳᠬᠠᠯ ᠭᠤᠶᠤᠴᠢᠯᠠᠬᠤ ᠬᠢᠵᠠᠭᠠᠷᠯᠠᠯ ᠢ ᠨᠢᠭᠡᠨᠲᠡ ᠰᠡᠮᠡᠭᠡᠷ ᠴᠢᠯᠥᠭᠡᠲᠡᠶ ᠲᠠᠯᠪᠢᠪᠠ᠃ ᠵᠧᠵᠢᠶᠠᠩ᠂ ᠲᠢᠶᠠᠨᠵᠢᠨ᠂ ᠵᠢᠶᠠᠩᠰᠢ ᠵᠡᠷᠭᠡ ᠭᠠᠵᠠᠷ ᠤᠨ ᠬᠢᠨ ᠠᠮᠢᠳᠤᠯᠢᠭ ᠢᠶᠠᠷ ᠠᠵᠢᠯ ᠣᠯᠤᠭᠰᠠᠳ ᠢ ᠦᠷᠡᠵᠢᠯ ᠤᠨ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠬᠤ ᠪᠠᠷ ᠲᠣᠳᠣᠷᠬᠠᠶ ᠲᠣᠭᠲᠠᠭᠠᠬᠰᠠᠨ ᠪᠠᠶᠢᠨ᠎ᠠ᠃ 
ᠢᠷᠡᠯᠲᠡ᠄ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ