| 1. ᠬᠤᠭᠤᠯᠠ ᠢᠳᠡᠭᠰᠡᠨ ᠤ ᠳᠠᠷᠠᠭ᠎ᠠ ᠬᠡᠷᠡᠮ ᠲᠠᠢ ᠨᠠᠭᠠᠯᠳᠣᠵᠦ ᠵᠤᠬᠰᠣᠬᠤ ᠨᠢ᠂ ᠮᠠᠷᠢᠶ᠎ᠠ ᠰᠢᠭᠤᠷᠠᠭᠤᠯᠵᠤ ᠰᠢᠩᠭᠡᠭᠡᠯᠲᠡ ᠶᠢ ᠰᠠᠶᠢᠵᠢᠷᠠᠭᠤᠯᠤᠨ᠎ᠠ᠃ | ᠡᠬᠢᠯᠡᠬᠡᠳ 5 ᠮᠢᠨᠦ᠋ᠲ᠂ ᠤᠳᠠᠭᠠᠨ ᠳᠠᠭᠠᠨ 10 ᠠᠴᠠ 15 ᠮᠢᠨᠦ᠋ᠲ ᠵᠤᠬᠰᠣᠨ᠎ᠠ᠃ ᠵᠣᠭᠰᠣᠬᠤ ᠳᠠᠭᠠᠨ ᠲᠡᠭᠰᠢ ᠤᠯᠠ ᠲᠠᠢ ᠱᠠᠬᠠᠢ ᠡᠮᠦᠰᠬᠦ ᠶᠢ ᠠᠩᠬᠠᠷᠬᠤ | ᠬᠡᠷᠡᠭᠲᠡᠢ᠃ | 2. ᠬᠡᠷᠡᠮ ᠲᠠᠢ ᠨᠠᠭᠠᠯᠳᠣᠵᠦ ᠵᠤᠬᠰᠣᠬᠤ ᠨᠢ ᠨᠢᠷᠣᠭᠤ ᠰᠡᠭᠡᠷ ᠢ ᠠᠮᠠᠷᠠᠭᠤᠯᠳᠠᠭ᠃ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶᠠᠨ ᠤ ᠰᠢᠮ᠎ᠡ | ᠲᠡᠵᠢᠭᠡᠯ ᠤᠨ ᠰᠠᠯᠠᠭᠠᠨ ᠤ ᠡᠷᠬᠢᠯᠡᠭᠴᠢ ᠡᠮᠴᠢ ᠴᠧᠨ ᠸᠧᠢ ᠶᠢᠨ ᠲᠠᠨᠢᠯᠴᠠᠭᠤᠯᠤᠭᠰᠠᠨ ᠢᠶᠠᠷ᠂ ᠬᠡᠷᠡᠮ ᠲᠠᠢ ᠨᠠᠭᠠᠯᠳᠣᠵᠦ ᠵᠣᠭᠰᠣᠪᠠᠯ ᠬᠦᠵᠦᠭᠦᠦ ᠰᠡᠭᠡᠷ ᠪᠣᠯᠣᠨ | ᠪᠦᠰᠡᠯᠡᠭᠦᠷ ᠨᠢᠷᠤᠭᠤ ᠶᠢ ᠭᠦᠢᠴᠡᠳ ᠠᠮᠠᠷᠠᠭᠤᠯᠵᠦ ᠴᠢᠳᠠᠳᠠᠭ ᠶᠤᠮ ᠪᠠᠶᠢᠨ᠎ᠠ᠃ | 3. ᠬᠡᠷᠡᠮ ᠲᠠᠢ ᠨᠠᠭᠠᠯᠳᠣᠵᠦ ᠵᠤᠬᠰᠣᠬᠤ ᠳᠠᠭᠠᠨ᠂ ᠨᠢᠷᠤᠭᠤ ᠪᠠᠨ ᠰᠠᠨᠠᠭᠠᠴᠢᠯᠠᠭ᠎ᠠ ᠠᠴᠠ ᠪᠠᠨ ᠳᠡᠭᠰᠢᠯᠡᠬᠦ ᠭᠡᠷᠡᠭᠳᠡᠢ᠃ ᠡᠮᠴᠢ ᠶᠢᠨ ᠲᠠᠨᠢᠯᠴᠠᠭᠤᠯᠤᠭᠰᠠᠨ ᠢᠶᠠᠷ ᠂ | ᠬᠡᠷᠡᠮ ᠲᠠᠢ ᠨᠠᠭᠠᠯᠳᠣᠵᠦ ᠵᠣᠭᠰᠣᠬᠤ ᠦᠶ᠎ᠡ ᠰᠠᠨᠠᠭᠠᠴᠢᠯᠠᠭ᠎ᠠ ᠠᠴᠠ ᠪᠠᠨ ᠰᠡᠭᠡᠷ ᠢᠶᠠᠨ ᠵᠠᠰᠠᠵᠤ ᠪᠤᠯᠳᠠᠭ᠂ ᠤᠴᠢᠷ ᠨᠢ ᠬᠦᠮᠦᠰ ᠰᠡᠭᠡᠷ ᠨᠢᠷᠤᠭᠤ ᠪᠠᠨ ᠬᠠᠵᠠᠶᠢᠯᠭᠠᠵᠦ | ᠵᠤᠬᠰᠣᠬᠤ ᠳᠣᠷᠠᠳᠠᠢ ᠪᠠᠶᠢᠵᠤ᠂ ᠬᠡᠷᠡᠮ ᠲᠠᠢ ᠨᠠᠭᠠᠯᠳᠣᠵᠦ ᠵᠣᠭᠰᠣᠬᠤ ᠨᠢ ᠰᠡᠭᠡᠷ ᠨᠢᠷᠤᠭᠤ ᠶᠢ ᠵᠣᠬᠢᠬᠤ ᠬᠡᠮᠵᠢᠶ᠎ᠡ ᠪᠠᠷ ᠳᠡᠭᠰᠢᠯᠡᠬᠦ ᠪᠠ ᠵᠠᠰᠠᠬᠤ ᠦᠢᠯᠡᠳᠦᠯ ᠲᠠᠢ | ᠪᠠᠶᠢᠳᠠᠭ ᠶᠤᠮ ᠪᠠᠶᠢᠨ᠎ᠠ᠃ | 4. ᠬᠡᠷᠡᠮ ᠲᠠᠢ ᠨᠠᠭᠠᠯᠳᠣᠵᠦ ᠵᠤᠬᠰᠣᠬᠤ ᠨᠢ ᠪᠥᠭᠲᠥᠷ ᠪᠥᠭᠴᠥᠭᠡᠷ ᠢ ᠵᠠᠰᠠᠨ᠎ᠠ᠃ ᠪᠠᠭ᠎ᠠ ᠰᠠᠭ᠎ᠠ ᠪᠥᠭᠲᠥᠷ ᠢ ᠬᠡᠷᠡᠮ ᠲᠠᠢ ᠨᠠᠭᠠᠯᠳᠣᠵᠦ ᠵᠤᠬᠰᠣᠭᠠᠳ ᠵᠠᠰᠠᠵᠦ | ᠪᠤᠯᠳᠠᠭ ᠮᠦᠷᠳᠡᠬᠡᠨ ᠦᠷ᠎ᠡ ᠳ᠋ᠦᠩ ᠨᠢ ᠨᠡᠯᠢᠶᠡᠳ ᠵᠦᠭᠡᠷ ᠪᠠᠶᠢᠳᠠᠭ ᠶᠤᠮ᠃ | 5. ᠬᠡᠷᠡᠮ ᠲᠠᠢ ᠨᠠᠭᠠᠯᠳᠣᠵᠦ ᠵᠣᠭᠰᠣᠪᠠᠯ ᠠᠯᠬᠤᠭ᠎ᠠ ᠭᠢᠰᠬᠢᠭᠡ ᠪᠠᠨ ᠵᠠᠰᠠᠵᠦ ᠪᠤᠯᠳᠠᠭ᠃ ᠣᠳᠣᠬᠠᠨ ᠳᠤ ᠣᠯᠠᠨ ᠬᠦᠮᠦᠰ ᠤᠨ ᠠᠯᠬᠤᠵᠦ ᠬᠢᠰᠬᠢᠬᠦ ᠨᠢ ᠡᠪ | ᠦᠬᠡᠢ ᠪᠠᠶᠢᠵᠦ᠂ ᠦᠷᠭᠦᠯᠵᠢ ᠬᠡᠷᠡᠮ ᠲᠠᠢ ᠨᠠᠭᠠᠯᠳᠣᠵᠦ ᠵᠤᠬᠰᠣᠪᠠᠯ ᠲᠡᠭᠦᠨ ᠢ ᠵᠠᠰᠠᠵᠦ ᠪᠤᠯᠳᠠᠭ ᠶᠤᠮ ᠪᠠᠶᠢᠨ᠎ᠠ᠃ |