ᠬᠤᠷᠢᠮ ᠨᠠᠶᠢᠷ ᠳᠡᠭᠡᠷ᠎ᠡ ᠢᠩᠭᠢᠬᠦ ᠶᠢ ᠬᠤᠷᠢᠭᠯᠠᠨ᠎ᠠ
ᠨᠡᠶᠢᠲᠡᠯᠡᠭᠰᠡᠨ ᠴᠠᠭ᠄
2023/9/20
      ᠵᠠᠬ᠎ᠠ ᠳᠡᠯᠭᠡᠭᠦᠷ ᠢ ᠬᠢᠨᠠᠵᠤ ᠬᠠᠮᠢᠶᠠᠷᠬᠤ ᠶᠡᠷᠦᠩᠬᠡᠶ ᠲᠣᠪᠴᠢᠶ᠎ᠠ᠂ ᠠᠷᠠᠳ ᠤᠨ ᠶᠠᠪᠤᠳᠠᠯ ᠤᠨ ᠶᠠᠮᠤᠨ ᠪᠣᠯᠤᠨ ᠲᠥᠪ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠣᠶᠢᠷ᠎ᠠ ᠳᠤ ᠬᠠᠮᠲᠤᠷᠠᠨ ︽ᠬᠤᠷᠢᠮ ᠨᠠᠶᠢᠷ ᠤᠨ ᠢᠳᠡᠭᠡᠨ ᠤᠮᠳᠠᠭᠠᠨ ᠢ ᠪᠦᠷᠢᠯᠭᠡᠬᠦ ᠶᠢ ᠬᠤᠷᠢᠭᠯᠠᠬᠤ ᠠᠵᠢᠯ ᠢ ᠴᠢᠨᠠᠭᠰᠢᠳᠠ ᠰᠠᠶᠢᠨ ᠬᠢᠬᠦ ᠲᠤᠬᠠᠶ ᠮᠡᠳᠡᠭᠳᠡᠯ︾᠎ ᠢ ᠳᠠᠷᠤᠮᠠᠯᠯᠠᠨ ᠲᠠᠷᠬᠠᠭᠠᠪᠠ᠃       ︵ᠨᠢᠭᠡ︶ ᠬᠤᠷᠢᠮ ᠨᠠᠶᠢᠷ ᠤᠨ ᠦᠢᠯᠡᠴᠢᠯᠡᠭᠡᠨ ᠤ ᠬᠡᠯᠡᠯᠴᠡᠭᠡᠷ ᠢ ᠲᠡᠭᠦᠯᠳᠡᠷᠵᠢᠭᠦᠯᠦᠨ᠎ᠡ᠃ ᠬᠤᠷᠢᠮ ᠨᠠᠶᠢᠷ ᠤᠨ ᠦᠢᠯᠡᠴᠢᠯᠡᠭᠡ ᠡᠵᠡᠩᠨᠡᠭᠴᠢ ᠨᠢ ᠬᠡᠷᠡᠭᠯᠡᠭᠴᠢᠳ ᠲᠠᠢ ᠬᠤᠷᠢᠮ ᠨᠠᠶᠢᠷ ᠤᠨ ᠦᠢᠯᠡᠴᠢᠯᠡᠭᠡᠨ ᠤ ᠬᠡᠯᠡᠯᠴᠡᠭᠡᠷ ᠲᠣᠭᠲᠠᠬᠤ ᠳᠠᠭᠠᠨ ᠢᠳᠡᠭᠡᠨ ᠤᠮᠳᠠᠭᠠᠨ ᠤ ᠪᠦᠷᠢᠯᠭᠡᠯᠲᠡ ᠶᠢ ᠬᠤᠷᠢᠭᠯᠠᠨ ᠵᠣᠭᠰᠣᠭᠠᠬᠤ ᠶᠠᠪᠤᠳᠠᠯ ᠢ ᠰᠠᠨᠠᠭᠤᠯᠬᠤ ᠶᠢ ᠴᠢᠬᠤᠯᠠ ᠠᠭᠤᠯᠭ᠎ᠠ ᠪᠣᠯᠭᠠᠬᠤ ᠬᠡᠷᠡᠭᠲᠡᠶ᠃ ᠬᠡᠷᠡᠭᠯᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠰᠢᠷᠡᠭᠡ ᠪᠡᠯᠡᠳᠬᠡᠬᠦ ᠲᠤᠭ᠎ᠠ ᠬᠡᠮᠵᠢᠶ᠎ᠡ ᠶᠢ ᠵᠣᠬᠢᠰᠲᠠᠶ ᠲᠣᠬᠢᠷᠠᠭᠤᠯᠬᠤ ᠬᠡᠷᠡᠭᠲᠡᠶ᠃       ︵ᠬᠤᠶᠠᠷ︶ ᠬᠤᠷᠢᠮ ᠨᠠᠶᠢᠷ ᠤᠨ ᠬᠤᠭᠤᠯᠠ ᠪᠤᠳᠠᠭ᠎ᠠ ᠶᠢ ᠵᠦᠶ ᠵᠣᠬᠢᠰᠲᠠᠶ ᠲᠥᠯᠥᠪᠯᠡᠨ᠎ᠡ᠃ ᠬᠤᠷᠢᠮ ᠤᠨ ᠦᠢᠯᠡᠴᠢᠯᠡᠭᠡ ᠡᠵᠡᠩᠨᠡᠭᠴᠢ ᠤᠯᠠᠨ ᠵᠦᠢᠯ ᠤᠨ ᠠᠳᠠᠯᠢ ᠪᠤᠰᠤ ᠬᠡᠪ ᠪᠠᠷᠢᠮᠵᠢᠶ᠎ᠠ ᠲᠠᠢ ᠬᠤᠷᠢᠮ ᠤᠨ ᠢᠵᠢ ᠦᠢᠯᠡᠴᠢᠯᠡᠭᠡ ᠶᠢ ᠬᠠᠩᠭᠠᠵᠤ᠂ ᠨᠣᠭᠤᠭ᠎ᠠ ᠵᠠᠭᠤᠰᠢ ᠶᠢᠨ ᠲᠤᠭ᠎ᠠ ᠬᠡᠮᠵᠢᠶ᠎ᠡ ᠶᠢ ᠵᠣᠬᠢᠰᠲᠠᠶ ᠲᠣᠬᠢᠷᠠᠭᠤᠯᠬᠤ ᠬᠡᠷᠡᠭᠲᠡᠶ᠃       ︵ᠭᠤᠷᠪᠠ︶ ᠬᠤᠷᠢᠮ ᠨᠠᠶᠢᠷ ᠤᠨ ᠦᠢᠯᠡᠴᠢᠯᠡᠭᠡᠨ ᠤ ᠣᠶᠢᠯᠠᠭᠠᠭᠳᠠᠬᠤᠨ ᠢ ᠰᠢᠯᠢᠳᠡᠭᠵᠢᠭᠦᠯᠦᠨ᠎ᠡ᠃ ᠬᠠᠮᠢᠶ᠎ᠠ ᠪᠥᠬᠦᠶ ᠠᠵᠢᠯ ᠲᠥᠷᠥᠯ ᠤᠨ ᠨᠡᠶᠢᠭᠡᠮᠯᠢᠭ ᠨᠢ ᠬᠤᠷᠢᠮ ᠨᠠᠶᠢᠷ ᠤᠨ ᠦᠢᠯᠡᠴᠢᠯᠡᠭᠡ ᠡᠵᠡᠩᠨᠡᠭᠴᠢ ᠶᠢ ᠬᠥᠲᠥᠯᠦᠨ ᠵᠢᠯᠣᠭᠤᠳᠴᠤ ᠪᠠᠶᠢᠭᠠᠳ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠶᠢ ᠬᠤᠷᠢᠮ ᠨᠠᠶᠢᠷ ᠤᠨ ᠦᠢᠯᠡᠴᠢᠯᠡᠭᠡᠨ ᠤ ᠪᠥᠬᠦ ᠶᠠᠪᠤᠴᠠ ᠳᠤ ᠠᠭᠤᠰᠬᠠᠨ ᠣᠷᠣᠭᠤᠯᠵᠤ᠂ ᠢᠳᠡᠭᠡᠨ ᠤ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠢᠳᠡᠭᠡᠨ ᠤ ᠮᠠᠲ᠋ᠧᠷᠢᠶᠠᠯ ᠢ ᠬᠡᠲᠦᠷᠬᠡᠢ ᠪᠦᠷᠢᠯᠭᠡᠬᠦ ᠶᠢ ᠪᠠᠭᠠᠰᠬᠠᠬᠤ ᠬᠡᠷᠡᠭᠲᠡᠶ᠃       ︵ᠳᠥᠷᠪᠡ︶ ᠣᠯᠠᠨ ᠨᠡᠶᠢᠲᠡ ᠶᠢᠨ ᠬᠤᠭᠤᠯᠠᠨ ᠤ ᠰᠠᠪᠠ ᠬᠡᠷᠡᠭᠰᠡᠯ ᠢ ᠬᠡᠷᠡᠭᠯᠡᠬᠦ ᠶᠢ ᠠᠬᠢᠭᠤᠯᠤᠨ᠎ᠠ᠃ ᠬᠠᠮᠢᠶ᠎ᠠ ᠪᠥᠬᠦᠶ ᠠᠵᠢᠯ ᠲᠥᠷᠥᠯ ᠤᠨ ᠨᠡᠶᠢᠭᠡᠮᠯᠢᠭ ᠨᠢ ᠬᠤᠷᠢᠮ ᠨᠠᠶᠢᠷ ᠤᠨ ᠦᠢᠯᠡᠴᠢᠯᠡᠭᠡ ᠡᠵᠡᠩᠨᠡᠭᠴᠢ ᠶᠢ ᠬᠥᠲᠥᠯᠦᠨ ᠵᠢᠯᠣᠭᠤᠳᠴᠤ ᠪᠠᠶᠢᠭᠠᠳ ᠨᠢᠭᠡᠳᠦᠯᠲᠡᠶ ᠬᠡᠯᠪᠡᠷᠢ ᠮᠠᠶ᠋ᠢᠭ ᠤᠨ ᠨᠡᠶᠢᠲᠡ ᠶᠢᠨ ᠰᠠᠪᠬ᠎ᠠ᠂ ᠨᠡᠶᠢᠲᠡ ᠶᠢᠨ ᠰᠢᠨᠠᠭ᠎ᠠ᠂ ᠨᠡᠶᠢᠲᠡ ᠶᠢᠨ ᠬᠠᠪᠴᠢᠭᠤᠷ ᠵᠡᠷᠭᠡ ᠨᠡᠶᠢᠲᠡ ᠶᠢᠨ ᠬᠤᠭᠤᠯᠠᠨ ᠤ ᠰᠠᠪᠠ ᠬᠡᠷᠡᠭᠰᠡᠯ ᠢ ᠬᠡᠷᠡᠭᠯᠡᠭᠦᠯᠵᠦ᠂ ᠨᠠᠶᠢᠷ ᠤᠨ ᠰᠢᠷᠡᠭᠡ ᠲᠠᠷᠬᠠᠭᠰᠠᠨ ᠤ ᠳᠠᠷᠠᠭ᠎ᠠ ᠨᠣᠭᠤᠭ᠎ᠠ ᠶᠢᠨ ᠠᠷᠢᠭᠤᠨ ᠴᠡᠪᠡᠷ ᠡᠰᠡᠬᠦ ᠳᠤ ᠡᠷᠡᠭᠡᠯᠵᠡᠭᠡ ᠲᠠᠢ ᠪᠣᠯᠵᠣ ᠪᠣᠭᠤᠳᠠᠯᠯᠠᠬᠤ ᠶᠢ ᠲᠠᠶᠠᠭᠳᠠᠬᠤ ᠠᠴᠠ ᠵᠠᠶᠢᠯᠠᠰᠬᠢᠬᠦ ᠬᠡᠷᠡᠭᠲᠡᠶ᠃       ︵ᠲᠠᠪᠤ︶ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠠᠭᠤᠷ ᠠᠮᠢᠰᠬᠤᠯ ᠢ ᠪᠣᠶ ᠪᠣᠯᠭᠠᠨ᠎ᠠ᠃ ᠣᠷᠣᠨ ᠨᠤᠲᠤᠭ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠤᠨ ᠬᠢᠨ ᠤᠯᠠᠨ ᠵᠦᠢᠯ ᠤᠨ ᠬᠡᠯᠪᠡᠷᠢ ᠶᠢ ᠠᠪᠴᠤ᠂ ᠬᠤᠷᠢᠮ ᠨᠠᠶᠢᠷ ᠤᠨ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ ᠤᠬᠠᠭᠤᠯᠭ᠎ᠠ ᠬᠥᠮᠦᠵᠢᠯ ᠢ ᠴᠢᠨᠠᠭᠰᠢᠳᠠ ᠴᠢᠩᠭᠠᠳᠬᠠᠵᠤ᠂ ᠪᠠᠶᠠᠷ ᠨᠠᠶᠢᠷ ᠢ ᠰᠢᠨ᠎ᠡ ᠬᠡᠯᠪᠡᠷᠢ ᠮᠠᠶ᠋ᠢᠭ ᠢᠶᠠᠷ ᠡᠷᠬᠢᠯᠡᠬᠦ᠂ ᠤᠷᠤᠭ ᠬᠤᠷᠢᠮ ᠤᠨ ᠶᠠᠪᠤᠳᠠᠯ ᠢ ᠳᠥᠭᠦᠮᠴᠢᠯᠡᠬᠦ ᠶᠢ ᠰᠠᠨᠠᠭᠠᠴᠢᠯᠠᠵᠤ᠂ ᠰᠣᠬᠤᠷ ᠪᠠᠯᠠᠢ ᠪᠠᠷ ᠠᠳᠠᠯᠢᠳᠬᠠᠬᠤ᠂ ᠪᠦᠷᠢᠯᠭᠡᠨ ᠰᠦᠢᠳᠬᠡᠬᠦ ᠵᠡᠷᠭᠡ ᠪᠤᠯᠬᠢ ᠳᠠᠳᠬᠠᠯ ᠢ ᠲᠠᠶᠠᠭᠳᠠᠬᠤ ᠬᠡᠷᠡᠭᠲᠡᠢ᠃       ︵ᠵᠢᠷᠭᠤᠭ᠎ᠠ︶ ︽ᠢᠳᠡᠭᠡᠨ ᠬᠠᠨᠳᠢᠪᠯᠠᠬᠤ ᠲᠣᠭᠲᠠᠴᠠ︾᠎ ᠶᠢ ᠬᠠᠶᠢᠨ ᠰᠦᠪᠡᠭᠴᠢᠯᠡᠨ᠎ᠡ᠃ ᠣᠷᠣᠨ ᠨᠤᠲᠤᠭ ᠤᠨ ᠵᠠᠬ᠎ᠠ ᠳᠡᠯᠭᠡᠭᠦᠷ ᠢ ᠬᠢᠨᠠᠵᠤ ᠬᠠᠮᠢᠶᠠᠷᠬᠤ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠤᠳ ︽ᠢᠳᠡᠭᠡᠨ ᠬᠠᠨᠳᠢᠪᠯᠠᠬᠤ ᠲᠣᠭᠲᠠᠴᠠ︾᠎ ᠶᠢ ᠢᠳᠡᠪᠬᠢᠲᠡᠶ ᠪᠠᠷ ᠰᠦᠪᠡᠭᠴᠢᠯᠡᠨ ᠪᠠᠶᠢᠭᠤᠯᠵᠤ᠂ ᠬᠤᠷᠢᠮ ᠨᠠᠶᠢᠷ ᠤᠨ ᠦᠢᠯᠡᠴᠢᠯᠡᠭᠡ ᠡᠵᠡᠩᠨᠡᠭᠴᠢ ᠪᠠ ᠬᠡᠷᠡᠭᠯᠡᠭᠴᠢᠳ ᠠᠴᠠ ᠬᠡᠷᠡᠭᠴᠡᠭᠡ ᠲᠠᠢ ᠬᠥᠮᠦᠰ ᠲᠤ ᠠᠮᠤᠷ ᠲᠦᠪᠰᠢᠨ ᠬᠤᠷᠢᠮ ᠨᠠᠶᠢᠷ ᠤᠨ ᠦᠯᠡᠳᠡᠭᠰᠡᠨ ᠢᠳᠡᠭᠡᠨ ᠢ ᠦᠨ᠎ᠡ ᠲᠥᠯᠥᠪᠦᠷᠢ ᠥᠬᠡᠶ ᠪᠠᠷ ᠬᠠᠩᠭᠠᠬᠤ ᠶᠢ ᠵᠣᠷᠢᠭᠵᠢᠭᠤᠯᠬᠤ ᠬᠡᠷᠡᠭᠲᠡᠶ᠃ ︵ᠳᠣᠯᠤᠭ᠎ᠠ︶ ᠬᠤᠷᠢᠮ ᠨᠠᠶᠢᠷ ᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ ᠣᠷᠣᠨ ᠨᠤᠲᠤᠭ ᠤᠨ ᠵᠠᠬ᠎ᠠ ᠳᠡᠯᠭᠡᠭᠦᠷ ᠢ ᠬᠢᠨᠠᠵᠤ ᠬᠠᠮᠢᠶᠠᠷᠬᠤ ᠰᠠᠯᠠᠭ᠎ᠠ ᠮᠥᠴᠢᠷ ᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠵᠡᠷᠭᠡ ᠬᠤᠷᠢᠮ ᠨᠠᠶᠢᠷ ᠡᠷᠭᠢᠯᠡᠬᠦ ᠣᠷᠭᠢᠯ ᠬᠤᠭᠤᠴᠠᠭᠠᠨ ᠳᠤ᠂ ᠬᠤᠷᠢᠮ ᠨᠠᠶᠢᠷ ᠤᠨ ᠦᠢᠯᠡᠴᠢᠯᠡᠭᠡ ᠡᠵᠡᠩᠨᠡᠭᠴᠢᠳ ᠲᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠤᠷᠢᠮ ᠨᠠᠶᠢᠷ ᠤᠨ ᠦᠢᠯᠡᠴᠢᠯᠡᠭᠡ ᠡᠵᠡᠩᠨᠡᠭᠴᠢᠳ ᠤᠨ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠱᠠᠯᠠᠪᠳᠠᠨ ᠵᠢᠯᠣᠭᠤᠳᠬᠤ ᠬᠡᠷᠡᠭᠲᠡᠶ᠃ ᠢᠳᠡᠭᠡᠨ ᠢ ᠬᠦᠨᠳᠦ ᠨᠣᠴᠢᠲᠠᠶ ᠪᠦᠷᠢᠯᠭᠡᠨ ᠰᠦᠢᠳᠬᠡᠭᠰᠡᠨ ᠪᠠᠶᠢᠪᠠᠯ ᠬᠠᠤᠯᠢ ᠶᠣᠰᠣᠭᠠᠷ ᠰᠢᠢᠳᠬᠡᠨ᠎ᠡ᠃ 
ᠢᠷᠡᠯᠲᠡ᠄ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ