ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠨᠡᠮᠡᠭᠳᠡᠬᠦᠯᠦᠨ᠎ᠡ
ᠨᠡᠶᠢᠲᠡᠯᠡᠭᠰᠡᠨ ᠴᠠᠭ᠄
2023/9/20
      ᠰᠤᠷᠭᠠᠨ ᠬᠥᠮᠦᠵᠢᠯ ᠤᠨ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠢ ᠳᠦᠷᠦ ᠶᠢᠨ ᠪᠣᠳᠣᠯᠭ᠎ᠠ ᠶᠢᠨ ᠮᠡᠳᠡᠭᠳᠡᠯ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠰᠤᠷᠭᠠᠨ ᠬᠥᠮᠦᠵᠢᠯ ᠤᠨ ᠲᠢᠩᠬᠢᠮ ︵ᠰᠤᠷᠭᠠᠨ ᠬᠥᠮᠦᠵᠢᠯ ᠤᠨ ᠵᠥᠪᠯᠡᠯ︶ ᠂ ᠡᠳ᠋ ᠤᠨ ᠵᠠᠰᠠᠭ ᠤᠨ ᠲᠢᠩᠬᠢᠮ ︵ᠲᠣᠪᠴᠢᠶ᠎ᠠ︶᠂ ᠡᠯ᠎ᠡ ᠲᠤᠰᠠᠭᠠᠷ ᠲᠦᠯᠦᠪᠯᠡᠬᠡᠳᠦ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠱᠠᠩᠬᠠᠢ ᠶᠢᠨ ᠶᠡᠷᠦᠩᠬᠡᠢ ᠬᠡᠯᠲᠡᠰ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠲᠤᠰᠠᠭᠠᠷ ᠲᠦᠯᠦᠪᠯᠡᠬᠡᠳᠦ ᠬᠤᠲᠠ ᠶᠢᠨ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠡᠯ᠎ᠡ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠥᠪ ᠤᠨ ᠰᠠᠯᠠᠭ᠎ᠠ ᠮᠥᠴᠢᠷ ᠲᠤ ᠬᠠᠷᠢᠶᠠᠯᠠᠭᠳᠠᠬᠤ ᠡᠯ᠎ᠡ ᠶᠡᠭᠡ ᠳᠡᠭᠡᠳᠦ ᠰᠤᠷᠭᠠᠭᠤᠯᠢ᠂ ᠡᠯ᠎ᠡ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ᠄ ᠰᠤᠷᠤᠭᠴᠢᠳ ᠢ ᠲᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠤᠷᠤᠭᠴᠢᠳ ᠤᠨ ᠵᠢᠭᠡᠯᠡᠯᠭᠡ ᠶᠢᠨ ᠬᠡᠷᠡᠭᠴᠡᠭᠡ ᠶᠢ ᠨᠡᠩ ᠰᠠᠶᠢᠨ ᠬᠠᠩᠭᠠᠵᠤ᠂ ᠰᠤᠷᠤᠭᠴᠢᠳ ᠤᠨ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠬᠦ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠥᠪᠰᠢᠶᠡᠷᠡᠯ ᠢᠶᠠᠷ᠂ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠲᠤᠬᠠᠢ ᠳᠦᠷᠦ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠬᠦ ᠪᠠᠷ ᠳᠤᠭᠳᠠᠪᠠ᠂ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ᠃       ᠨᠢᠭᠡ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠨᠡᠮᠡᠭᠳᠡᠬᠦᠯᠦᠨ᠎ᠡ 2023 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠪᠦᠬᠦᠯᠢ ᠡᠳᠦᠷ ᠤᠨ ᠳᠦᠷᠢᠮᠲᠦ ᠡᠩ ᠤᠨ ᠵᠢᠩᠬᠢᠨᠢ ᠠᠩᠭᠢ ᠪᠠ ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢ ︵ᠬᠤᠶᠠᠳᠤᠭᠠᠷ ᠣᠶᠤᠲᠠᠨ ᠤ ᠴᠣᠯᠠ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ᠂ ᠪᠡᠯᠡᠳᠬᠡᠯ ᠠᠩᠭᠢ ᠶᠢᠨ ᠰᠣᠷᠣᠭᠴᠢ ᠪᠠᠭᠲᠠᠨ᠎ᠠ᠂ ᠳᠣᠷᠣᠭᠰᠢ ᠠᠳᠠᠯᠢ︶᠎ ᠶᠢᠨ ᠬᠥᠮᠥᠨ ᠪᠦᠷᠢ ᠶᠢᠨ ᠵᠢᠯ ᠪᠦᠷᠢ ᠶᠢᠨ ᠭᠤᠶᠤᠴᠢᠯᠠᠬᠤ ᠵᠢᠭᠡᠯᠡᠯᠭᠡ ᠶᠢ 12000 ᠲᠥᠭᠦᠷᠢᠭ ᠠᠴᠠ ᠬᠡᠲᠦᠷᠡᠬᠦᠯᠬᠦ ᠦᠭᠡᠢ ᠪᠠᠶᠢᠭᠰᠠᠨ ᠠᠴᠠ ᠪᠠᠨ 16000 ᠲᠥᠭᠦᠷᠢᠭ ᠠᠴᠠ ᠬᠡᠲᠦᠷᠡᠬᠦᠯᠬᠦ ᠦᠭᠡᠢ ᠪᠣᠯᠭᠠᠵᠤ ᠨᠡᠮᠡᠭᠳᠡᠬᠦᠯᠦᠨ᠎ᠡ︔ ᠪᠦᠬᠦᠯᠢ ᠡᠳᠦᠷ ᠤᠨ ᠳᠦᠷᠢᠮᠲᠦ ᠠᠰᠫᠢᠷᠠᠨᠲ ᠤᠨ ᠬᠥᠮᠥᠨ ᠪᠦᠷᠢ ᠶᠢᠨ ᠵᠢᠯ ᠳᠤ ᠭᠤᠶᠤᠴᠢᠯᠠᠬᠤ ᠵᠢᠭᠡᠯᠡᠯᠭᠡ ᠶᠢ 16000 ᠲᠥᠭᠦᠷᠢᠭ ᠠᠴᠠ ᠬᠡᠲᠦᠷᠡᠭᠦᠯᠬᠦ ᠦᠭᠡᠢ ᠪᠠᠶᠢᠭᠰᠠᠨ ᠠᠴᠠ 20000 ᠲᠥᠭᠦᠷᠢᠭ ᠠᠴᠠ ᠬᠡᠲᠦᠷᠡᠭᠦᠯᠬᠦ ᠦᠭᠡᠢ ᠪᠣᠯᠭᠠᠨ ᠨᠡᠮᠡᠭᠳᠡᠬᠦᠯᠦᠨ᠎ᠡ᠃ ᠰᠤᠷᠤᠭᠴᠢᠳ ᠤᠨ ᠭᠤᠶᠤᠴᠢᠯᠠᠭᠰᠠᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠰᠤᠷᠤᠯᠭ᠎ᠠ ᠶᠢᠨ ᠰᠦᠢᠳᠬᠡᠯ ᠪᠠ ᠬᠤᠨᠤᠭ ᠤᠨ ᠰᠦᠢᠳᠬᠡᠯ ᠢ ᠲᠦᠯᠦᠬᠦ ᠳᠤ ᠤᠷᠢᠳᠠᠪᠠᠷ ᠬᠡᠷᠡᠭᠯᠡᠵᠦ᠂ ᠬᠡᠲᠦᠷᠡᠭᠰᠡᠨ ᠬᠡᠰᠡᠭ ᠢ ᠨᠢ ᠡᠳᠦᠷ ᠲᠤᠳᠤᠮ ᠤᠨ ᠠᠮᠢᠳᠤᠷᠠᠯ ᠤᠨ ᠰᠦᠢᠳᠬᠡᠯ ᠢ ᠨᠡᠮᠡᠷᠢᠯᠡᠬᠦ ᠳᠤ ᠬᠡᠷᠡᠭᠯᠡᠨ᠎ᠡ᠃ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠴᠡᠷᠢᠭ ᠤᠨ ᠠᠯᠪᠠ ᠬᠠᠭᠠᠬᠤ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠭᠴᠢᠳ ᠤᠨ ᠰᠤᠷᠤᠯᠭ᠎ᠠ ᠶᠢᠨ ᠰᠦᠢᠳᠬᠡᠯ ᠤᠨ ᠨᠥᠬᠦᠪᠦᠷᠢ᠂ ᠰᠤᠷᠤᠯᠭ᠎ᠠ ᠶᠢᠨ ᠰᠦᠢᠳᠬᠡᠯ ᠳᠤ ᠬᠡᠷᠡᠭᠯᠡᠬᠦ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠣᠷᠣᠯᠠᠨ ᠲᠦᠯᠦᠬᠦ ᠪᠠ ᠰᠤᠷᠤᠯᠭ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠬᠦ ᠪᠠᠷᠢᠮᠵᠢᠶ᠎ᠠ ᠵᠢᠴᠢ ᠦᠨᠳᠦᠰᠦᠨ ᠱᠠᠲᠤᠨ ᠤ ᠠᠵᠢᠯ ᠣᠯᠭᠤᠯᠲᠠ ᠶᠢ ᠰᠤᠷᠤᠯᠭ᠎ᠠ ᠶᠢᠨ ᠰᠦᠢᠳᠬᠡᠯ ᠤᠨ ᠨᠥᠬᠦᠪᠦᠷᠢ᠂ ᠰᠤᠷᠤᠯᠭ᠎ᠠ ᠶᠢᠨ ᠰᠦᠢᠳᠬᠡᠯ ᠳᠤ ᠬᠡᠷᠡᠭᠯᠡᠬᠦ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠣᠷᠣᠯᠠᠨ ᠲᠦᠯᠦᠬᠦ ᠪᠠᠷᠢᠮᠵᠢᠶ᠎ᠠ ᠶᠢ ᠵᠣᠬᠢᠴᠠᠩᠭᠤᠢ ᠪᠠᠷ ᠵᠢᠩᠬᠢᠨᠢ ᠠᠩᠭᠢ ᠲᠤᠰᠬᠠᠢ ᠮᠡᠷᠭᠡᠵᠢᠯ ᠤᠨ ᠠᠩᠭᠢ ᠶᠢᠨ ᠰᠤᠷᠤᠭᠴᠢᠳ ᠬᠥᠮᠥᠨ ᠪᠦᠷᠢ ᠵᠢᠯ ᠳᠤ ᠬᠠᠮᠤᠭ ᠥᠨᠳᠥᠷ ᠲᠡᠭᠡᠨ 16000 ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠂ ᠰᠤᠳᠤᠯᠬᠤ ᠰᠤᠷᠤᠭᠴᠢ ᠬᠥᠮᠥᠨ ᠪᠦᠷᠢ ᠵᠢᠯ ᠳᠤ ᠬᠠᠮᠤᠭ ᠥᠨᠳᠥᠷ ᠲᠡᠭᠡᠨ 20000 ᠲᠦᠬᠦᠷᠢᠭ ᠠᠴᠠ ᠬᠡᠳᠦᠷᠡᠬᠦᠯᠬᠦ ᠦᠭᠡᠢ ᠪᠤᠯᠭᠠᠵᠤ ᠲᠤᠬᠢᠷᠠᠭᠤᠯᠤᠨ᠎ᠠ᠃       ᠬᠤᠶᠠᠷ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠬᠦᠦ ᠮᠥᠩᠭᠦ ᠶᠢᠨ ᠨᠤᠷᠮ᠎ᠠ ᠶᠢ ᠲᠣᠬᠢᠷᠠᠭᠤᠯᠤᠨ᠎ᠠ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠠᠳᠠᠯᠢ ᠬᠤᠭᠤᠴᠠᠭᠠᠨ ᠤ ᠠᠳᠠᠯᠢ ᠲᠠᠰ ᠤᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠬᠦᠯᠦᠭᠰᠡᠨ ᠦᠨ᠎ᠡ ᠶᠢᠨ ᠬᠦᠦ ᠮᠥᠩᠭᠦ ᠶᠢᠨ ᠨᠣᠷᠮ᠎ᠠ ︵LPR︶᠎ ᠠᠴᠠ 30 ᠰᠠᠭᠤᠷᠢ ᠴᠡᠭ ᠬᠠᠰᠤᠵᠤ᠂ ᠠᠳᠠᠯᠢ ᠬᠤᠭᠤᠴᠠᠭᠠᠨ ᠤ ᠠᠳᠠᠯᠢ ᠲᠠᠰ ᠤᠨ LPR ᠪᠣᠯᠭᠠᠨ 60 ᠰᠠᠭᠤᠷᠢ ᠴᠡᠭ ᠬᠠᠰᠤᠨ᠎ᠠ᠃ ᠡᠭᠦᠨ ᠠᠴᠠ ᠡᠮᠦᠨ᠎ᠡ ᠨᠢᠭᠡᠨᠲᠡ ᠭᠠᠷ ᠤᠨ ᠥᠰᠥᠭ ᠵᠢᠷᠤᠭᠰᠠᠨ LPR᠎ ᠶᠢᠨ ᠬᠦᠳᠡᠯᠦᠩᠬᠦᠢ ᠬᠦᠦ ᠮᠥᠩᠭᠦ ᠶᠢᠨ ᠨᠣᠷᠮ᠎ᠠ ᠪᠠᠷ ᠯᠠᠪᠯᠠᠯᠲᠠ ᠪᠣᠯᠭᠠᠭᠰᠠᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠭᠡᠷ᠎ᠡ ᠶᠢ ᠳᠠᠭᠠᠭᠠᠨ ᠭᠦᠢᠴᠡᠳᠬᠡᠬᠦ ᠪᠠᠩᠬᠢ ᠨᠢ ᠵᠢᠭᠡᠯᠡᠯᠭᠡ ᠵᠢᠭᠡᠯᠡᠭᠰᠡᠨ ᠰᠣᠷᠣᠭᠴᠢ ᠲᠠᠢ ᠵᠥᠪᠳᠡᠯᠴᠡᠵᠦ ᠪᠠᠶᠢᠭᠠᠳ ᠤᠤᠯ ᠤᠨ ᠭᠡᠷ᠎ᠡ ᠶᠢᠨ ᠬᠦᠦ ᠮᠦᠩᠬᠦ ᠶᠢᠨ ᠨᠣᠷᠮ᠎ᠠ ᠶᠢᠨ ᠠᠳᠠᠯᠢ ᠬᠤᠭᠤᠴᠠᠭᠠᠨ ᠤ ᠠᠳᠠᠯᠢ ᠲᠠᠰ ᠤᠨ LPR᠎ ᠶᠢ 60 ᠰᠠᠭᠤᠷᠢ ᠴᠡᠭ ᠪᠣᠯᠭᠠᠨ ᠲᠣᠬᠢᠷᠠᠭᠤᠯᠵᠤ ᠪᠣᠯᠣᠨ᠎ᠠ᠃       ᠭᠤᠷᠪᠠ᠂ ᠠᠰᠫᠢᠷᠠᠨᠲ ᠤᠨ ᠬᠤᠳᠠᠯᠳᠤᠭᠠᠨ ᠤ ᠴᠢᠨᠠᠷᠲᠠᠢ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠠᠵᠢᠯ ᠢ ᠦᠷᠨᠢᠬᠦᠯᠦᠨ᠎ᠡ ᠠᠰᠫᠢᠷᠠᠨᠲ ᠤᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠵᠦᠢ ᠵᠣᠬᠢᠰᠲᠠᠢ ᠰᠤᠷᠤᠯᠴᠠᠯᠭ᠎ᠠ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠨ ᠬᠠᠩᠭᠠᠵᠤ᠂ ᠠᠰᠫᠢᠷᠠᠨᠲ ᠤᠨ ᠭᠡᠷ ᠪᠦᠯᠢ ᠶᠢᠨ ᠠᠵᠤ ᠠᠬᠤᠢ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠶᠢᠨ ᠲᠦᠯᠦᠬᠡ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠰᠤᠷᠭᠠᠭᠤᠯᠢ ᠳᠤ ᠪᠠᠶᠢᠭ᠎ᠠ ᠠᠰᠫᠢᠷᠠᠨᠲ ᠲᠤ ᠬᠤᠳᠠᠯᠳᠤᠭᠠᠨ ᠤ ᠴᠢᠨᠠᠷᠲᠠᠢ ᠰᠤᠷᠤᠯᠭ᠎ᠠ ᠶᠢᠨ ᠲᠡᠳᠬᠦᠮᠵᠢ ᠶᠢᠨ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠭᠠᠷᠳᠠᠮ ᠨᠢ ᠳᠥᠭᠦᠮ ᠳᠥᠲᠡ᠂ ᠲᠦᠭᠰᠢᠭᠦᠷᠢ ᠶᠢ ᠡᠵᠡᠮᠳᠡᠵᠦ ᠪᠣᠯᠬᠤ ᠠᠰᠫᠢᠷᠠᠨᠲ ᠤᠨ ᠢᠲᠡᠭᠡᠮᠵᠢ ᠶᠢᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠦᠢᠯᠡᠳᠬᠦᠨ ᠢ ᠴᠢᠭᠯᠡᠭᠦᠯᠬᠦ ᠴᠢᠨᠠᠷᠲᠠᠢ ᠪᠠᠷ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠬᠤ ᠶᠢᠨ ᠬᠠᠮᠲᠤ᠂ ᠵᠢᠭᠡᠯᠡᠯᠭᠡ ᠶᠢᠨ ᠲᠤᠭ᠎ᠠ ᠬᠡᠮᠵᠢᠶ᠎ᠡ᠂ ᠬᠦᠦ ᠶᠢᠨ ᠨᠣᠷᠮ᠎ᠠ᠂ ᠬᠤᠭᠤᠴᠠᠭ᠎ᠠ ᠬᠢᠵᠠᠭᠠᠷ᠂ ᠵᠣᠭᠤᠰ ᠪᠤᠴᠠᠭᠠᠬᠤ ᠠᠷᠭ᠎ᠠ ᠮᠠᠶ᠋ᠢᠭ ᠵᠡᠷᠭᠡ ᠲᠠᠯ᠎ᠠ ᠪᠠᠷ ᠵᠣᠬᠢᠬᠤ ᠬᠠᠷᠠᠭᠠᠯᠵᠠᠯ ᠦᠵᠡᠬᠦᠯᠦᠨ᠎ᠡ᠃ ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠬᠦᠯᠦᠨ᠎ᠡ᠃ ᠡᠭᠦᠨ ᠠᠴᠠ ᠡᠮᠦᠨᠡᠬᠢ ᠲᠣᠭᠲᠠᠭᠠᠯ ᠨᠢ ᠲᠤᠰ ᠮᠡᠳᠡᠭᠳᠡᠯ ᠲᠠᠢ ᠨᠢᠭᠡᠳᠦᠯ ᠦᠭᠡᠢ ᠪᠠᠶᠢᠪᠠᠯ᠂ ᠲᠤᠰ ᠮᠡᠳᠡᠭᠳᠡᠯ ᠢᠶᠠᠷ ᠪᠠᠷᠢᠮᠵᠢᠶ᠎ᠠ ᠪᠣᠯᠭᠠᠨ᠎ᠠ᠃ ᠲᠣᠰ ᠮᠡᠳᠡᠭᠳᠡᠯ ᠲᠤ ᠲᠣᠭᠲᠠᠭᠠᠭᠰᠠᠨ ᠦᠭᠡᠢ ᠵᠦᠢᠯ ᠢ ᠤᠤᠯ ᠤᠨ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠬᠦᠯᠦᠨ᠎ᠡ᠃      ᠰᠤᠷᠭᠠᠨ ᠬᠥᠮᠦᠵᠢᠯ ᠤᠨ ᠶᠠᠮᠤᠨ ᠳᠤᠮᠳᠠᠳᠤ ᠤᠯᠤᠰ ᠤᠨ ᠠᠷᠠᠳ ᠤᠨ ᠪᠠᠩᠬᠢ ᠮᠥᠩᠭᠦᠨ ᠬᠦᠢᠯᠭᠡᠭᠡᠨ ᠤ ᠬᠢᠨᠠᠨ ᠬᠠᠮᠢᠶᠠᠷᠤᠯᠳᠠ ᠶᠢᠨ ᠶᠡᠷᠦᠩᠬᠡᠢ ᠳᠤᠪᠴᠢᠶ᠎ᠠ 2023 ᠣᠨ ᠤ 9 ᠰᠠᠷ᠎ᠠ ᠶᠢ 11᠎ ᠤ ᠡᠳᠦᠷ ᠢᠷᠡᠯᠳᠡ᠄ ᠰᠤᠷᠭᠠᠨ ᠬᠥᠮᠦᠵᠢᠯ ᠤᠨ ᠶᠠᠮᠤᠨ ᠤ ᠰᠦᠯᠵᠢᠶ᠎ᠡ ᠲᠥᠪ ᠲᠧᠯᠸᠢᠰ ᠤᠨ ᠡᠳ᠋ ᠤᠨ ᠵᠠᠰᠠᠭ ᠠᠵᠤ ᠠᠬᠤᠢ ᠰᠤᠪᠠᠭ
ᠢᠷᠡᠯᠲᠡ᠄ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ