| ᠣᠶᠢᠷ᠎ᠠ ᠳᠤ᠂ ᠭᠠᠶᠢᠯᠢ ᠰᠦᠢᠳᠭᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠬᠦᠯᠬᠦ᠂ ᠰᠢᠯᠢᠳᠡᠭᠵᠢᠭᠦᠯᠬᠦ᠂ ᠲᠡᠭᠦᠯᠳᠡᠷᠵᠢᠭᠦᠯᠬᠦ | ᠠᠯᠢ ᠣᠯᠠᠨ ᠠᠷᠭ᠎ᠠ ᠬᠡᠮᠵᠢᠶ᠎ᠡ ᠶᠢ ᠬᠤᠶᠢᠨ᠎ᠠ ᠬᠤᠶᠢᠨ᠎ᠠ ᠠᠴᠠ ᠪᠠᠨ ᠨᠡᠶᠢᠲᠡᠯᠡᠭᠰᠡᠨ ᠶᠠᠪᠤᠳᠠᠯ ᠨᠢ ᠲᠠᠨ ᠤ ᠤᠷᠤᠯᠭ᠎ᠠ ᠳᠤ ᠠᠰᠢᠭᠲᠠᠶ ᠶᠤᠮ᠃ ᠣᠷᠣᠯᠭ᠎ᠠ ᠶᠢ | ᠨᠡᠮᠡᠭᠳᠡᠬᠦᠯᠬᠦ ᠶᠢ ᠠᠬᠢᠭᠤᠯᠬᠤ ᠂ ᠬᠡᠷᠡᠭᠯᠡᠭᠡ ᠶᠢ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠵᠦᠢᠯ ᠤᠨ ᠴᠢᠬᠤᠯᠠ ᠲᠥᠷᠥ ᠶᠢᠨ ᠪᠣᠳᠣᠯᠭ᠎ᠠ ᠶᠢ | ᠲᠤᠬᠳᠠᠭᠠᠪᠠ ᠣᠶᠢᠷ᠎ᠠ ᠳᠤ᠂ ᠠᠵᠤ ᠠᠬᠤᠶ ᠶᠢᠨ ᠠᠵᠢᠯᠯᠠᠭ᠎ᠠ ᠶᠢᠨ ᠦᠷᠭᠦᠯᠵᠢᠯᠡᠨ ᠰᠠᠶᠢᠵᠢᠷᠠᠬᠤ ᠶᠢ ᠲᠠᠰᠤᠷᠠᠯᠲᠠ ᠥᠬᠡᠶ ᠠᠬᠢᠭᠤᠯᠬᠤ ᠶᠢᠨ ᠲᠤᠭᠤᠷᠢᠨ ᠳᠤ᠂ | ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠡᠯ᠎ᠡ ᠰᠠᠯᠠᠭ᠎ᠠ ᠮᠥᠴᠢᠷ ᠤᠨ ᠬᠢᠨ ᠣᠯᠠᠨ ᠵᠦᠢᠯ ᠤᠨ ᠴᠢᠬᠤᠯᠠ ᠲᠥᠷᠥ ᠶᠢᠨ ᠪᠣᠳᠣᠯᠭ᠎ᠠ ᠨᠡᠶᠢᠲᠡᠯᠡᠵᠠᠢ᠃ | 9 ᠰᠠᠷ᠎ᠠ ᠶᠢᠨ 7 ᠤ ᠡᠳᠦᠷ᠂ ᠡᠳ᠋ ᠤᠨ ᠵᠠᠰᠠᠭ ᠤᠨ ᠶᠠᠮᠤᠨ ᠤ ᠳᠡᠳ᠋ ᠰᠠᠶᠢᠳ ᠸᠠᠩ ᠳ᠋ᠦᠩ ᠸᠧᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠥᠷᠥ ᠶᠢᠨ | ᠪᠣᠳᠣᠯᠭ᠎ᠠ ᠶᠢᠨ ᠵᠤᠷᠰᠢᠯᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠣᠷᠣᠯᠭ᠎ᠠ ᠶᠢ ᠨᠡᠮᠡᠭᠳᠡᠭᠦᠯᠬᠦ᠂ ᠬᠡᠷᠡᠭᠯᠡᠭᠡ ᠶᠢ ᠥᠷᠭᠡᠳᠬᠡᠬᠦ ᠳᠤ ᠠᠩᠬᠠᠷᠤᠯ ᠢᠶᠠᠨ | ᠲᠥᠪᠯᠡᠷᠡᠭᠦᠯᠬᠦ ᠲᠠᠯ᠎ᠠ ᠪᠠᠷ᠂ ᠨᠢᠭᠡ ᠳᠤ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ᠂ ᠦᠷ᠎ᠡ ᠬᠡᠦᠬᠡᠳ ᠲᠡᠭᠡᠨ ᠰᠤᠷᠭᠠᠨ | ᠬᠥᠮᠦᠵᠢᠯ ᠬᠦᠷᠳᠡᠭᠡᠬᠦ᠂ ᠨᠠᠰᠤᠲᠠᠨ ᠢᠶᠠᠨ ᠠᠰᠠᠷᠠᠨ ᠲᠡᠵᠢᠭᠡᠬᠦ ᠭᠤᠷᠪᠠᠨ ᠵᠦᠢᠯ ᠤᠨ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠦᠢᠯ ᠤᠨ | ᠨᠡᠮᠡᠯᠲᠡ ᠰᠠᠭᠤᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠬᠤᠶᠠᠷ ᠲᠤ ᠪᠥᠬᠦ ᠵᠢᠯ ᠤᠨ ᠨᠢᠭᠡ ᠯᠡ ᠤᠳᠠᠭᠠᠨ ᠤ ᠴᠢᠨᠠᠷᠲᠠᠶ ᠱᠠᠩᠨᠠᠯ ᠤᠨ ᠮᠥᠩᠭᠦ ᠶᠢᠨ ᠲᠤᠰᠠᠭᠠᠷ | ᠭᠠᠶᠢᠯᠢ ᠶᠢ ᠪᠤᠳᠤᠬᠤ ᠴᠠᠭ ᠬᠤᠭᠤᠴᠠᠭ᠎ᠠ ᠶᠢ ᠤᠷᠳᠤᠳᠬᠠᠨ᠎ᠠ᠃ ᠭᠤᠷᠪᠠ ᠳᠤ ᠣᠷᠣᠨ ᠰᠠᠭᠤᠴᠠ ᠬᠤᠳᠠᠯᠳᠤᠨ ᠠᠪᠬᠤ ᠬᠤᠪᠢ ᠬᠥᠮᠦᠨ ᠤ ᠠᠰᠢᠭ ᠣᠷᠣᠯᠭ᠎ᠠ ᠶᠢᠨ | ᠭᠠᠶᠢᠯᠢ ᠶᠢ ᠪᠤᠴᠠᠭᠠᠬᠤ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠡᠷᠡᠭᠵᠢᠬᠦᠯᠵᠦ᠂ ᠰᠠᠭᠤᠭᠠᠯᠢ ᠠᠷᠠᠳ ᠤᠨ ᠭᠠᠶᠢᠯᠢ ᠲᠠᠲᠠᠪᠤᠷᠢ ᠶᠢᠨ ᠳᠠᠷᠤᠭᠠᠰᠤ ᠶᠢ | ᠦᠨᠡᠨ ᠬᠦ ᠬᠥᠩᠭᠡᠷᠡᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠴᠢᠳᠠᠪᠤᠷᠢ ᠶᠢ ᠨᠡᠮᠡᠭᠳᠡᠭᠦᠯᠦᠨ᠎ᠡ ᠭᠡᠵᠦ ᠵᠢᠭᠠᠵᠤ ᠭᠠᠷᠭᠠᠪᠠ᠃ ᠪᠣᠳᠠᠲᠠᠶ ᠪᠠᠷ ᠬᠡᠯᠡᠪᠡᠯ᠂ 3 | ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ᠂ ᠦᠷ᠎ᠡ ᠬᠡᠦᠬᠡᠳ ᠲᠡᠭᠡᠨ ᠰᠤᠷᠭᠠᠨ ᠬᠥᠮᠦᠵᠢᠯ ᠬᠦᠷᠳᠡᠭᠡᠬᠦ ᠲᠤᠰᠬᠠᠶ ᠵᠦᠢᠯ ᠤᠨ | ᠨᠡᠮᠡᠯᠲᠡ ᠰᠠᠭᠤᠳᠬᠠᠯ ᠤᠨ ᠪᠠᠷᠢᠮᠵᠢᠶ᠎ᠠ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠬᠡᠦᠬᠡᠳ ᠨᠢᠭᠡᠪᠦᠷᠢ ᠳᠤ ᠰᠠᠷ᠎ᠠ ᠳᠠᠭᠠᠨ 1000 ᠲᠥᠭᠦᠷᠢᠭ ᠦᠭᠴᠦ | ᠪᠠᠶᠢᠭᠰᠠᠨ ᠠᠴᠠ ᠲᠣᠰ ᠲᠣᠰ 2000 ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃ ᠨᠠᠰᠤᠳᠠᠨ ᠢᠶᠠᠨ ᠠᠰᠠᠷᠠᠨ ᠲᠡᠵᠢᠭᠡᠬᠦ ᠲᠤᠰᠬᠠᠶ ᠵᠦᠢᠯ ᠤᠨ ᠨᠡᠮᠡᠯᠲᠡ | ᠰᠠᠭᠤᠳᠬᠠᠯ ᠤᠨ ᠪᠠᠷᠢᠮᠵᠢᠶ᠎ᠠ ᠶᠢ ᠰᠠᠷ᠎ᠠ ᠳᠠᠭᠠᠨ 2000 ᠲᠥᠭᠦᠷᠢᠭ ᠪᠠᠶᠢᠭᠰᠠᠨ ᠠᠴᠠ 3000 ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃ | ᠪᠥᠬᠦ ᠵᠢᠯ ᠤᠨ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠤᠨ ᠮᠥᠩᠭᠦ ᠶᠢᠨ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠥᠷᠥ ᠶᠢᠨ | ᠪᠣᠳᠣᠯᠭ᠎ᠠ ᠶᠢ 2027 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃ ᠰᠠᠭᠤᠭᠠᠯᠢ ᠠᠷᠠᠳ ᠤᠨ ᠬᠤᠪᠢ ᠬᠥᠮᠦᠨ ᠤ ᠣᠯᠤᠭᠰᠠᠨ ᠪᠦᠬᠦ | ᠵᠢᠯ ᠤᠨ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠤᠨ ᠮᠥᠩᠭᠦ ᠨᠢ ︽ᠬᠤᠪᠢ ᠬᠥᠮᠦᠨ ᠤ ᠣᠯᠤᠭᠰᠠᠨ ᠪᠦᠬᠦ ᠵᠢᠯ ᠤᠨ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠤᠨ | ᠮᠥᠩᠭᠦ ᠵᠡᠷᠭᠡ ᠬᠤᠪᠢ ᠬᠥᠮᠦᠨ ᠤ ᠠᠰᠢᠭ ᠤᠷᠤᠯᠭ᠎ᠠ ᠶᠢᠨ ᠭᠠᠶᠢᠯᠢ ᠲᠠᠲᠠᠪᠤᠷᠢᠯᠠᠬᠤ ᠠᠷᠭ᠎ᠠ ᠶᠢ ᠪᠣᠳᠣᠬᠤ ᠠᠰᠠᠭᠤᠳᠠᠯ ᠳᠤ ᠲᠣᠬᠢᠷᠠᠭᠤᠯᠤᠯᠲᠠ ᠬᠢᠬᠦ ᠲᠤᠬᠠᠶ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠤᠪᠴᠢᠶ᠎ᠠ ᠶᠢᠨ ᠮᠡᠳᠡᠭᠳᠡᠯ︾ ︵ᠤᠯᠤᠰ ᠭᠠᠶᠢᠯᠢ ᠲᠠᠷᠬᠠᠭᠠᠭᠰᠠᠨ ﹇2005﹈ 9 ᠳ᠋ᠤᠭᠡᠷ ᠲᠣᠭᠠᠲᠤ︶ ᠤᠨ | ᠲᠣᠭᠲᠠᠭᠠᠯ ᠳᠤ ᠨᠡᠶᠢᠴᠡᠵᠦ ᠪᠠᠶᠢᠪᠠᠯ᠂ ᠲᠤᠰ ᠵᠢᠯ ᠤᠨ ᠶᠡᠷᠦᠩᠬᠡᠶᠢᠯᠡᠭᠰᠡᠨ ᠠᠰᠢᠭ ᠤᠷᠤᠯᠭ᠎ᠠ ᠳᠤ ᠨᠡᠶᠢᠯᠡᠭᠦᠯᠦᠨ ᠣᠷᠣᠭᠤᠯᠬᠤ ᠦᠭᠡᠶ᠂ ᠪᠦᠬᠦ ᠵᠢᠯ ᠤᠨ ᠨᠢᠭᠡ | ᠤᠳᠠᠭ᠎ᠠ ᠶᠢᠨ ᠴᠢᠨᠠᠷᠲᠠᠶ ᠱᠠᠩᠨᠠᠯ ᠤᠨ ᠮᠥᠩᠭᠦ ᠶᠢᠨ ᠣᠷᠣᠯᠭ᠎ᠠ ᠶᠢ 12 ᠰᠠᠷ᠎ᠠ ᠪᠠᠷ ᠬᠤᠪᠢᠶᠠᠭᠠᠳ ᠣᠯᠤᠭᠰᠠᠨ ᠲᠤᠭ᠎ᠠ ᠪᠠᠷ ᠨᠢ ᠲᠤᠰ ᠠᠯᠪᠠᠨ ᠵᠠᠷ ᠲᠤ | ᠳᠠᠭᠠᠯᠳᠤᠭᠤᠯᠤᠭᠰᠠᠨ ᠰᠠᠷ᠎ᠠ ᠪᠠᠷ ᠰᠣᠯᠢᠵᠤ ᠪᠣᠳᠣᠭᠰᠠᠨ ᠤ ᠳᠠᠷᠠᠭᠠᠬᠢ ᠶᠡᠷᠦᠩᠬᠡᠶᠢᠯᠡᠭᠰᠡᠨ ᠠᠰᠢᠭ ᠤᠷᠤᠯᠭ᠎ᠠ ᠶᠢᠨ ᠭᠠᠶᠢᠯᠢ ᠶᠢᠨ ᠨᠣᠷᠮ᠎ᠠ ᠶᠢᠨ ᠬᠦᠰᠦᠨᠦᠭᠲᠦ | ᠶᠣᠰᠣᠭᠠᠷ᠂ ᠲᠣᠬᠢᠷᠠᠬᠤ ᠭᠠᠶᠢᠯᠢ ᠶᠢᠨ ᠨᠣᠷᠮ᠎ᠠ ᠪᠣᠯᠤᠨ ᠲᠦᠷᠭᠡᠨ ᠪᠣᠳᠣᠭᠰᠠᠨ ᠬᠠᠰᠤᠵᠤ ᠭᠠᠷᠭᠠᠬᠤ ᠲᠤᠭ᠎ᠠ ᠶᠢ ᠲᠣᠭᠲᠠᠭᠠᠵᠤ᠂ ᠲᠤᠰᠢᠶᠠᠬᠤ ᠭᠠᠶᠢᠯᠢ ᠶᠢ ᠲᠤᠰᠠᠭᠠᠷ | ᠪᠤᠳᠤᠨ᠎ᠠ᠃ | 2024 ᠣᠨ ᠤ 1 ᠰᠠᠷ᠎ᠠ ᠶᠢᠨ 1 ᠤ ᠡᠳᠦᠷ ᠠᠴᠠ 2025 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂ ᠥᠪᠡᠷ ᠤᠨ ᠣᠷᠣᠨ ᠰᠠᠭᠤᠴᠠ ᠪᠠᠨ | ᠬᠤᠳᠠᠯᠳᠤᠬᠤ ᠶᠢᠨ ᠬᠠᠮᠲᠤ ᠣᠲᠣ ᠶᠢᠨ ᠣᠷᠣᠨ ᠰᠠᠭᠤᠴᠠ ᠪᠠᠨ ᠬᠤᠳᠠᠯᠳᠤᠭᠰᠠᠨ ᠤ ᠳᠠᠷᠠᠭᠠᠬᠢ 1 ᠵᠢᠯ ᠤᠨ ᠳᠣᠲᠣᠷ᠎ᠠ ᠵᠠᠬ᠎ᠠ ᠳᠡᠯᠭᠡᠭᠦᠷ ᠠᠴᠠ ᠣᠷᠣᠨ ᠰᠠᠭᠤᠴᠠ | ᠳᠠᠬᠢᠨ ᠬᠤᠳᠠᠯᠳᠤᠨ ᠠᠪᠤᠭᠰᠠᠨ ᠭᠠᠶᠢᠯᠢ ᠲᠤᠰᠢᠶᠠᠭᠴᠢ ᠨᠢ ᠣᠲᠣ ᠶᠢᠨ ᠣᠷᠣᠨ ᠰᠠᠭᠤᠴᠠ ᠪᠠᠨ ᠬᠤᠳᠠᠯᠳᠤᠬᠤ ᠳᠠᠭᠠᠨ ᠬᠤᠪᠢ ᠬᠥᠮᠦᠨ ᠤ ᠠᠰᠢᠭ ᠤᠷᠤᠯᠭ᠎ᠠ ᠶᠢᠨ | ᠭᠠᠶᠢᠯᠢ ᠨᠢᠭᠡᠨᠲᠡ ᠲᠤᠰᠢᠶᠠᠭᠰᠠᠨ ᠪᠤᠯ ᠭᠠᠶᠢᠯᠢ ᠪᠤᠴᠠᠭᠠᠬᠤ ᠬᠠᠷᠠᠭᠠᠯᠵᠠᠯ ᠦᠵᠡᠭᠦᠯᠦᠨ᠎ᠡ᠃ ᠡᠭᠦᠨ ᠳᠤ᠂ ᠰᠢᠨ᠎ᠡ ᠪᠠᠷ ᠬᠤᠳᠠᠯᠳᠤᠨ ᠠᠪᠤᠭᠰᠠᠨ ᠣᠷᠣᠨ | ᠰᠠᠭᠤᠴᠠ ᠶᠢᠨ ᠵᠣᠭᠤᠰ ᠤᠨ ᠲᠤᠭ᠎ᠠ ᠨᠢ ᠣᠳᠣ ᠶᠢᠨ ᠣᠷᠣᠨ ᠰᠠᠭᠤᠴᠠ ᠶᠢ ᠰᠢᠯᠵᠢᠭᠦᠯᠦᠨ ᠥᠭᠬᠦ ᠵᠣᠭᠤᠰ ᠤᠨ ᠲᠤᠭ᠎ᠠ ᠠᠴᠠ ᠶᠡᠭᠡ ᠪᠤᠶᠤ ᠲᠡᠩᠴᠡᠭᠦᠦ ᠪᠠᠶᠢᠪᠠᠯ᠂ | ᠨᠢᠭᠡᠨᠲᠡ ᠲᠤᠰᠢᠶᠠᠭᠰᠠᠨ ᠬᠤᠪᠢ ᠬᠥᠮᠦᠨ ᠤ ᠠᠰᠢᠭ ᠤᠷᠤᠯᠭ᠎ᠠ ᠶᠢᠨ ᠭᠠᠶᠢᠯᠢ ᠶᠢ ᠪᠦᠬᠦᠨ ᠢ ᠪᠤᠴᠠᠭᠠᠵᠤ ᠥᠭᠭᠦᠨ᠎ᠡ︔ ᠰᠢᠨ᠎ᠡ ᠬᠤᠳᠠᠯᠳᠤᠨ ᠠᠪᠤᠭᠰᠠᠨ ᠣᠷᠣᠨ | ᠰᠠᠭᠤᠴᠠ ᠶᠢᠨ ᠵᠣᠭᠤᠰ ᠤᠨ ᠲᠤᠭ᠎ᠠ ᠨᠢ ᠣᠳᠣ ᠶᠢᠨ ᠣᠷᠣᠨ ᠰᠠᠭᠤᠴᠠ ᠪᠠᠨ ᠰᠢᠯᠵᠢᠭᠦᠯᠦᠨ ᠥᠭᠬᠦ ᠵᠣᠭᠤᠰ ᠤᠨ ᠲᠤᠭ᠎ᠠ ᠠᠴᠠ ᠪᠠᠭ᠎ᠠ ᠪᠠᠶᠢᠪᠠᠯ᠂ ᠣᠳᠣ ᠶᠢᠨ | ᠣᠷᠣᠨ ᠰᠠᠭᠤᠴᠠ ᠪᠠᠨ ᠰᠢᠯᠵᠢᠭᠦᠯᠦᠨ ᠥᠭᠬᠦ ᠵᠣᠭᠤᠰ ᠤᠨ ᠲᠤᠭ᠎ᠠ ᠳᠠᠬᠢ ᠰᠢᠨ᠎ᠡ ᠬᠤᠳᠠᠯᠳᠤᠨ ᠠᠪᠤᠭᠰᠠᠨ ᠣᠷᠣᠨ ᠰᠠᠭᠤᠴᠠ ᠶᠢᠨ ᠵᠣᠭᠤᠰ ᠤᠨ ᠲᠤᠭ᠎ᠠ ᠶᠢᠨ | ᠡᠵᠡᠯᠡᠬᠦ ᠬᠠᠷᠢᠴᠠᠯ ᠶᠣᠰᠣᠭᠠᠷ ᠣᠳᠣ ᠶᠢᠨ ᠣᠷᠣᠨ ᠰᠠᠭᠤᠴᠠ ᠪᠠᠨ ᠬᠤᠳᠠᠯᠳᠤᠬᠤ ᠳᠤ ᠨᠢᠭᠡᠨᠲᠡ ᠲᠤᠰᠢᠶᠠᠭᠰᠠᠨ ᠬᠤᠪᠢ ᠬᠥᠮᠦᠨ ᠤ ᠠᠰᠢᠭ ᠤᠷᠤᠯᠭ᠎ᠠ ᠶᠢᠨ | ᠭᠠᠶᠢᠯᠢ ᠶᠢ ᠪᠤᠴᠠᠭᠠᠵᠤ ᠥᠭᠭᠦᠨ᠎ᠡ᠃ ᠭᠤᠷᠪᠠᠨ ᠲᠤᠰᠬᠠᠶ ᠵᠦᠢᠯ ᠤᠨ ᠨᠡᠮᠡᠯᠲᠡ ᠰᠠᠭᠤᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠤᠭ᠍ᠰᠡᠨ ᠢᠶᠠᠷ ᠲᠠᠨ ᠤ ᠣᠷᠣᠯᠭ᠎ᠠ ᠴᠢᠨᠢ | ᠨᠡᠮᠡᠭᠳᠡᠵᠦ ᠮᠡᠳᠡᠨ᠎ᠡ᠃ ᠸᠠᠩ ᠳ᠋ᠦᠩ ᠸᠧᠶ ᠲᠠᠨᠢᠯᠴᠠᠭᠤᠯᠬᠤ ᠳᠠᠭᠠᠨ᠂ ᠣᠳᠣᠬᠠᠨ ᠳᠤ ᠵᠢᠯ ᠤᠨ ᠣᠷᠣᠯᠭ᠎ᠠ ᠨᠢ 10 ᠲᠦᠮᠡᠨ ᠲᠥᠭᠦᠷᠢᠭ ᠠᠴᠠ ᠳᠣᠷᠣᠭᠰᠢᠬᠢ ᠬᠤᠪᠢ | ᠬᠥᠮᠦᠨ ᠦᠨᠳᠦᠰᠦᠨ ᠳᠡᠭᠡᠨ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠲᠤᠰᠢᠶᠠᠬᠤ ᠥᠬᠡᠶ ᠪᠤᠶᠤ ᠵᠥᠪᠬᠡᠨ ᠪᠠᠭ᠎ᠠ ᠬᠡᠮᠵᠢᠶᠡᠨ ᠤ ᠭᠠᠶᠢᠯᠢ ᠲᠤᠰᠢᠶᠠᠵᠦ | ᠪᠠᠶᠢᠨ᠎ᠠ᠃ | ᠭᠤᠷᠪᠠᠨ ᠲᠤᠰᠬᠠᠶ ᠵᠦᠢᠯ ᠤᠨ ᠨᠡᠮᠡᠯᠲᠡ ᠰᠠᠭᠤᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠤ ᠳᠠᠷᠠᠭ᠎ᠠ᠂ ᠭᠠᠶᠢᠯᠢ ᠲᠤᠰᠢᠶᠠᠭᠴᠢ ᠶᠢᠨ ᠭᠠᠶᠢᠯᠢ | ᠲᠠᠲᠠᠪᠤᠷᠢ ᠶᠢᠨ ᠡᠭᠦᠷᠭᠡᠯᠡᠯ ᠤᠯᠠᠮ ᠢᠶᠠᠷ ᠬᠦᠡᠭᠭᠡᠷᠡᠬᠦ ᠪᠣᠯᠤᠨ᠎ᠠ᠂ ᠢᠯᠠᠩᠭᠤᠶ᠎ᠠ ᠳᠤᠮᠳᠠ ᠵᠡᠷᠭᠡ ᠶᠢᠨ ᠣᠷᠣᠯᠭ᠎ᠠ ᠲᠠᠢ ᠬᠥᠮᠦᠰ ᠤᠨ ᠭᠠᠶᠢᠯᠢ ᠬᠥᠩᠭᠡᠯᠡᠬᠦ ᠬᠡᠪᠴᠢᠶ᠎ᠡ ᠨᠢ | ᠨᠠᠩ ᠶᠡᠭᠡ ᠪᠣᠯᠤᠨ᠎ᠠ᠃ ᠵᠢᠱᠢᠶᠡᠯᠡᠪᠡᠯ᠂ ᠭᠠᠶᠢᠯᠢ ᠲᠤᠰᠢᠶᠠᠭᠴᠢ ᠬᠤᠶᠠᠷ ᠬᠡᠦᠬᠡᠳ ᠲᠠᠢ᠂ ᠲᠡᠭᠦᠨ ᠤ ᠡᠴᠢᠭᠡ ᠪᠤᠶᠤ ᠡᠵᠢ ᠨᠢ ᠪᠦᠬᠦᠯᠢ 60 ᠨᠠᠰᠤ ᠬᠦᠷᠦᠭᠰᠡᠨ | ᠪᠠᠶᠢᠪᠠᠯ᠂ ᠰᠢᠨ᠎ᠡ ᠰᠠᠭᠤᠳᠬᠠᠯ ᠤᠨ ᠪᠠᠷᠢᠮᠵᠢᠶ᠎ᠠ ᠪᠠᠷ ᠵᠢᠱᠢᠵᠦ ᠪᠤᠳᠤᠪᠠᠯ᠂ ᠡᠨᠡ ᠬᠦ ᠭᠠᠶᠢᠯᠢ ᠲᠤᠰᠢᠶᠠᠭᠴᠢ ᠠᠴᠠ ᠰᠠᠷ᠎ᠠ ᠪᠦᠷᠢ 3000 ᠲᠥᠭᠦᠷᠢᠭ ᠢᠯᠡᠭᠦᠦ | ᠰᠠᠭᠤᠯᠭᠠᠨ ᠠᠪᠤᠨ᠎ᠠ᠂ ᠢᠩᠭᠢᠪᠡᠯ ᠨᠢᠭᠡ ᠵᠢᠯ ᠳᠤ 36000 ᠲᠥᠭᠦᠷᠢᠭ ᠢᠯᠡᠭᠦᠦ ᠰᠠᠭᠤᠯᠭᠠᠨ ᠠᠪᠬᠤ ᠪᠤᠯᠤᠨ᠎ᠠ᠃ ᠬᠡᠷᠪᠡ ᠡᠨᠡ ᠭᠠᠶᠢᠯᠢ ᠲᠤᠰᠢᠶᠠᠭᠴᠢ ᠶᠢᠨ | ᠵᠢᠯ ᠤᠨ ᠣᠷᠣᠯᠭ᠎ᠠ ᠨᠢ 20 ᠲᠦᠮᠡᠨ ᠲᠥᠭᠦᠷᠢᠭ ᠪᠣᠯ ᠭᠠᠶᠢᠯᠢ ᠬᠥᠩᠭᠡᠯᠡᠬᠦ ᠬᠡᠮᠵᠢᠶ᠎ᠡ ᠨᠢ 54 % ᠳᠤ ᠬᠦᠷᠦᠨ᠎ᠡ︔ ᠬᠡᠷᠪᠡ ᠡᠨᠡ ᠭᠠᠢᠯᠢ ᠲᠤᠰᠢᠶᠠᠭᠴᠢ ᠶᠢᠨ | ᠵᠢᠯ ᠤᠨ ᠣᠷᠣᠯᠭ᠎ᠠ 50 ᠲᠦᠮᠡᠨ ᠲᠥᠭᠦᠷᠢᠭ ᠪᠣᠯ ᠭᠠᠶᠢᠯᠢ ᠬᠥᠩᠭᠡᠯᠡᠬᠦ ᠬᠡᠮᠵᠢᠶ᠎ᠡ 14 % ᠳᠤ ᠬᠦᠷᠦᠨ᠎ᠡ ᠬᠡᠪᠡ᠃ ︽ᠡᠨᠡ ᠨᠢ ᠰᠠᠭᠤᠭᠠᠯᠢ ᠠᠷᠠᠳ ᠤᠨ ᠬᠤᠪᠢ | ᠬᠥᠮᠦᠨ ᠤ ᠡᠵᠡᠮᠳᠡᠵᠦ ᠪᠣᠯᠬᠤ ᠣᠷᠣᠯᠭ᠎ᠠ ᠶᠢ ᠨᠡᠮᠡᠭᠳᠡᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠳᠤ ᠮᠠᠰᠢ ᠴᠢᠬᠤᠯᠠ ᠢᠳᠡᠪᠬᠢ | ᠦᠢᠯᠡᠳᠦᠯ ᠦᠵᠡᠬᠦᠯᠬᠦ ᠶᠤᠮ︾ ᠭᠡᠵᠦ ᠸᠠᠩ ᠳ᠋ᠦᠩ ᠸᠧᠢ ᠬᠡᠯᠡᠪᠡ᠃ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠶᠡᠷᠦᠩᠬᠡᠶ ᠨᠢᠭᠲᠠᠯᠠᠨ ᠪᠤᠳᠤᠭᠴᠢ ᠯᠦᠸᠧ ᠲᠢᠶᠠᠨ ᠱᠤ᠋ ᠬᠡᠯᠡᠬᠦ ᠳᠡᠭᠡᠨ᠂ 9 ᠰᠠᠷ᠎ᠠ ᠠᠴᠠ | ᠡᠬᠢᠯᠡᠨ᠂ ᠡᠨᠡ ᠵᠢᠯ ᠨᠢᠭᠡᠨᠲᠡ ᠡᠨᠡ ᠭᠤᠷᠪᠠᠨ ᠲᠤᠰᠬᠠᠶ ᠵᠦᠢᠯ ᠤᠨ ᠨᠡᠮᠡᠯᠲᠡ ᠰᠠᠭᠤᠳᠬᠠᠯ ᠢ ᠲᠠᠭᠯᠠᠨ ᠮᠡᠳᠡᠭᠦᠯᠦᠭᠰᠡᠨ ᠭᠠᠶᠢᠯᠢ ᠲᠤᠰᠢᠶᠠᠭᠴᠢ ᠶᠢᠨ ᠲᠣᠰ ᠬᠥᠮᠦᠨ ᠨᠢ | ᠶᠠᠮᠠᠷ ᠴᠤ ᠠᠵᠢᠯᠯᠠᠭ᠎ᠠ ᠬᠢᠬᠦ ᠬᠡᠷᠡᠭ ᠥᠬᠡᠶ᠂ ᠰᠢᠨ᠎ᠡ ᠰᠢᠰᠲ᠋ᠧᠮ ᠨᠢ ᠤᠤᠯ ᠤᠨ ᠪᠠᠷᠢᠮᠵᠢᠶ᠎ᠠ ᠪᠠᠨ ᠰᠢᠭᠤᠳ ᠰᠢᠨ᠎ᠡ ᠪᠠᠷᠢᠮᠵᠢᠶ᠎ᠠ ᠪᠣᠯᠭᠠᠨ ᠲᠣᠬᠢᠷᠠᠭᠤᠯᠤᠨᠡ᠃ | ᠡᠭᠦᠨ ᠤ ᠬᠠᠮᠲᠤ᠂ ᠮᠡᠳᠡᠭᠡ ᠵᠠᠩᠭᠢ ᠶᠢᠨ ᠰᠢᠰᠲ᠋ᠧᠮ ᠢ ᠴᠦ ᠰᠢᠨ᠎ᠡ ᠪᠠᠷᠢᠮᠵᠢᠶ᠎ᠠ ᠶᠣᠰᠣᠭᠠᠷ ᠪᠤᠳᠤᠵᠤ᠂ ᠭᠠᠶᠢᠯᠢ ᠲᠤᠰᠢᠶᠠᠭᠴᠢ ᠳᠤ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠬᠦᠷᠲᠡᠭᠡᠨ᠎ᠡ ᠭᠡᠪᠡ᠃ ᠲᠡᠷᠡ ᠪᠠᠰᠠ ᠵᠢᠭᠠᠵᠤ ᠭᠠᠷᠭᠠᠬᠤ ᠳᠠᠭᠠᠨ᠂ 9 ᠰᠠᠷ᠎ᠠ ᠠᠴᠠ ᠡᠮᠦᠨ᠎ᠡ ᠤᠤᠯ ᠤᠨ ᠪᠠᠷᠢᠮᠵᠢᠶ᠎ᠠ ᠪᠠᠷ ᠨᠢᠭᠡᠨᠲᠡ ᠤᠷᠢᠳᠴᠢᠯᠠᠨ | ᠲᠤᠰᠢᠶᠠᠭᠰᠠᠨ ᠭᠠᠶᠢᠯᠢ ᠶᠢᠨ ᠵᠣᠭᠤᠰ ᠢ ᠪᠤᠳᠤᠵᠤ᠂ ᠢᠯᠡᠭᠦᠦ ᠲᠤᠰᠢᠶᠠᠭᠰᠠᠨ ᠲᠡᠷᠡ ᠬᠡᠰᠡᠭ ᠭᠠᠶᠢᠯᠢ ᠶᠢᠨ ᠵᠣᠭᠤᠰ ᠢ ᠭᠠᠶᠢᠯᠢ ᠲᠤᠰᠢᠶᠠᠭᠴᠢ ᠶᠢᠨ ᠬᠤᠶᠢᠰᠢᠳᠠ ᠶᠢᠨ | ᠬᠡᠳᠦᠨ ᠰᠠᠷ᠎ᠠ ᠳᠤ ᠤᠷᠢᠳᠴᠢᠯᠠᠨ ᠲᠤᠰᠢᠶᠠᠬᠤ ᠭᠠᠶᠢᠯᠢ ᠶᠢᠨ ᠵᠣᠭᠤᠰ ᠤᠨ ᠳᠣᠲᠣᠷ᠎ᠠ ᠠᠴᠠ ᠲᠤᠯᠭᠠᠨ ᠬᠠᠰᠤᠵᠤ ᠪᠣᠯᠤᠨ᠎ᠠ᠃ ᠬᠡᠷᠪᠡ ᠡᠨᠡ ᠵᠢᠯ ᠤᠨ ᠳᠣᠲᠣᠷ᠎ᠠ | ᠲᠤᠯᠭᠠᠨ ᠬᠠᠰᠤᠵᠤ ᠳᠠᠭᠤᠰᠤᠭᠰᠠᠨ ᠦᠭᠡᠢ ᠳᠤ ᠬᠦᠷᠪᠡᠯ ᠢᠷᠡᠬᠦ ᠵᠢᠯ ᠳᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠬᠤᠷᠢᠶᠠᠩᠭᠤᠶᠢᠯᠠᠨ ᠪᠤᠳᠤᠵᠤ | ᠢᠯᠭᠠᠷᠠᠭᠤᠯᠤᠨ ᠲᠤᠰᠢᠶᠠᠬᠤ ᠦᠶ᠎ᠡ ᠳᠤ ᠦᠷᠭᠦᠯᠵᠢᠯᠡᠨ ᠡᠳ᠋ᠯᠡᠬᠦᠯᠦᠨ᠎ᠡ ᠬᠡᠵᠡᠢ᠃ | | | | | | | | |