ᠰᠢᠲᠠᠮᠠᠬᠠᠢ ᠬᠡᠢ ᠶᠢ ᠵᠥᠪ ᠬᠡᠷᠡᠭᠯᠡᠭᠡᠷᠡᠢ
ᠨᠡᠶᠢᠲᠡᠯᠡᠭᠰᠡᠨ ᠴᠠᠭ᠄
2023/9/29
      ᠭᠤᠮ ᠬᠤᠭᠤᠯᠠᠢ ᠶᠢ ᠬᠡᠲᠦᠷᠬᠡᠢ ᠤᠷᠲᠤ ᠬᠤᠭᠤᠴᠠᠭ᠎ᠠ ᠪᠠᠷ ᠬᠡᠷᠡᠭᠯᠡᠵᠦ ᠪᠣᠯᠬᠤ ᠦᠭᠡᠢ ᠰᠢᠲᠠᠮᠠᠬᠠᠢ ᠬᠡᠢ ᠶᠢ ᠬᠡᠷᠡᠭᠯᠡᠬᠦ ᠦᠶᠡᠰ᠂ ᠭᠤᠮ ᠬᠤᠭᠤᠯᠠᠢ ᠶᠢ 18 ᠰᠠᠷ᠎ᠠ ᠬᠡᠷᠡᠭᠯᠡᠪᠡᠯ ᠪᠠᠶᠢᠴᠠᠭᠠᠬᠤ ᠬᠡᠷᠡᠭᠲᠡᠢ᠂ ᠴᠠᠭ ᠲᠤᠬᠠᠢ ᠳᠤᠨᠢ ᠭᠤᠮ ᠬᠤᠭᠤᠯᠠᠢ ᠪᠠ ᠳᠠᠷᠤᠯᠲᠠ ᠶᠢ ᠪᠠᠭᠤᠷᠠᠭᠤᠯᠬᠤ ᠨᠡᠭᠡᠯᠬᠡᠢ ᠶᠢ ᠰᠣᠯᠢᠵᠤ᠂ ᠬᠡᠢ ᠯᠡᠪᠡᠷᠡᠬᠦ ᠠᠴᠠ ᠰᠡᠷᠭᠡᠶᠢᠯᠡᠨ᠎ᠡ᠃ ᠭᠤᠮ ᠬᠤᠭᠤᠯᠠᠢ ᠶᠢᠨ ᠤᠷᠲᠤ ᠶᠢ 2 ᠮᠧᠳ᠋ᠷ ᠠᠴᠠ ᠬᠡᠲᠦᠷᠡᠭᠦᠯᠵᠦ ᠪᠣᠯᠬᠤ ᠦᠭᠡᠢ᠃ ᠵᠣᠬᠢᠰ ᠲᠠᠢ ᠬᠠᠳᠠᠭᠠᠯᠠᠨ᠎ᠠ ᠰᠢᠲᠠᠮᠠᠬᠠᠢ ᠬᠡᠢ ᠶᠢ ᠡᠷᠬᠡᠪᠰᠢ ᠰᠠᠯᠬᠢ ᠨᠡᠪᠲᠡᠷᠡᠬᠦ ᠲᠣᠭᠤᠭᠠᠨ ᠭᠡᠷ ᠲᠤ ᠬᠡᠷᠡᠭᠯᠡᠨ᠎ᠡ᠂ ᠬᠡᠢ ᠯᠡᠪᠡᠷᠡᠪᠡᠯ ᠴᠠᠭ ᠲᠤᠬᠠᠢ ᠳᠤᠨᠢ ᠰᠠᠯᠬᠢ ᠨᠡᠪᠲᠡᠷᠡᠭᠦᠯᠵᠦ᠂ ᠬᠦᠮᠦᠨ ᠬᠤᠣᠷᠳᠠᠭᠳᠠᠬᠤ ᠪᠠ ᠭᠠᠯ ᠤᠨ ᠠᠶᠤᠯ ᠭᠠᠷᠬᠤ ᠠᠴᠠ ᠵᠠᠶᠢᠯᠠᠰᠬᠢᠬᠤ ᠬᠡᠷᠡᠭᠲᠡᠢ᠃ ᠡᠭᠦᠨ ᠠᠴᠠ ᠭᠠᠳᠠᠨ᠎ᠠ᠂ ᠰᠢᠲᠠᠮᠠᠬᠠᠢ ᠬᠡᠢ ᠶᠢ ᠡᠷᠬᠡᠪᠰᠢ ᠤᠨᠲᠠᠬᠤ ᠥᠷᠥᠭᠡ᠂ ᠠᠮᠠᠷᠠᠬᠤ ᠦᠷᠦᠭᠡ ᠠᠴᠠ ᠲᠤᠰᠠᠭᠠᠷᠯᠠᠵᠤ᠂ ᠰᠠᠯᠬᠢ ᠨᠡᠪᠲᠡᠷᠡᠬᠦ ᠨᠦᠬᠦᠴᠡᠯ ᠢ ᠡᠷᠬᠡᠪᠰᠢ ᠪᠦᠷᠢᠯᠳᠦᠭᠦᠯᠬᠦ ᠬᠡᠷᠡᠭᠲᠡᠢ᠃ ᠰᠢᠲᠠᠮᠠᠬᠠᠢ ᠬᠡᠢ ᠯᠡᠪᠡᠷᠡᠪᠡᠯ ᠳᠠᠷᠦ᠋ᠢᠬᠠᠨ ᠪᠠᠶᠢᠴᠠᠭᠠᠨ᠎ᠠ ᠰᠢᠲᠠᠮᠠᠬᠠᠢ ᠬᠡᠢ ᠯᠡᠪᠡᠷᠡᠪᠡᠯ ᠠᠮᠠᠷᠬᠠᠨ ᠦᠨᠦᠷᠲᠦᠭᠳᠡᠨ᠎ᠡ᠂ ᠦᠮᠡᠬᠡᠢ ᠦᠨᠦᠷ ᠦᠨᠦᠷᠲᠦᠪᠡᠯ᠂ ᠡᠷᠬᠡᠪᠰᠢ ᠴᠣᠩᠬᠤ ᠪᠠᠨ ᠨᠡᠭᠡᠭᠡᠵᠦ᠂ ᠰᠢᠲᠠᠮᠠᠬᠠᠢ ᠬᠡᠢ ᠶᠢᠨ ᠵᠤᠤᠬ᠎ᠠ᠂ ᠰᠢᠲᠠᠮᠠᠬᠠᠢ ᠬᠡᠢ ᠶᠢᠨ ᠨᠡᠭᠡᠯᠡᠬᠡᠢ ᠪᠠᠨ ᠬᠠᠭᠠᠭᠰᠠᠨ ᠡᠰᠡᠬᠦ ᠶᠢ ᠪᠠᠶᠢᠴᠠᠭᠠᠬᠤ ᠬᠡᠷᠡᠭᠲᠡᠢ᠃       ᠬᠠᠭᠠᠭᠰᠠᠨ ᠤ ᠳᠠᠷᠠᠭ᠎ᠠ ᠪᠠᠰᠠ ᠦᠮᠡᠬᠡᠢ ᠦᠨᠦᠷ ᠲᠠᠢ ᠪᠣᠯ ᠰᠢᠲᠠᠮᠠᠬᠠᠢ ᠬᠡᠢ ᠶᠢᠨ ᠺᠤᠮᠫᠠᠨᠢ ᠶᠢᠨ ᠠᠵᠢᠯᠲᠠᠨ ᠲᠠᠢ ᠳᠠᠷᠦ᠋ᠢᠬᠠᠨ ᠬᠠᠷᠢᠯᠴᠠᠵᠤ ᠪᠠᠶᠢᠴᠠᠭᠠᠯᠭᠠᠬᠤ ᠬᠡᠷᠡᠭᠲᠡᠢ᠃ ᠲᠤᠰᠬᠠᠢ ᠮᠡᠷᠭᠡᠵᠢᠯ ᠤᠨ ᠬᠦᠮᠦᠰ ᠬᠦᠷᠴᠦ ᠢᠷᠡᠬᠦ ᠠᠴᠠ ᠡᠮᠦᠨ᠎ᠡ᠂ ᠶᠠᠭᠠᠬᠢᠭᠰᠠᠨ ᠴᠤ ᠦᠷᠦᠭᠡᠨ ᠳᠤ ᠪᠠᠨ ᠰᠠᠭᠤᠵᠤ ᠪᠣᠯᠬᠤ ᠦᠭᠡᠢ᠂ ᠳ᠋ᠧᠩ ᠠᠰᠠᠭᠠᠵᠤ ᠪᠣᠯᠬᠤ ᠦᠭᠡᠢ᠂ ᠨᠡᠩ ᠴᠦ ᠢᠯᠡ ᠭᠠᠯ ᠬᠡᠷᠡᠭᠯᠡᠵᠦ ᠪᠣᠯᠬᠤ ᠦᠭᠡᠢ᠃ ᠰᠢᠲᠠᠮᠠᠬᠠᠢ ᠪᠣᠳᠠᠰ ᠢ ᠵᠤᠤᠬᠠᠨ ᠠᠴᠠ ᠬᠤᠯᠠ ᠲᠠᠯᠪᠢᠨ᠎ᠠ ᠰᠢᠲᠠᠮᠠᠬᠠᠢ ᠬᠡᠢ ᠶᠢᠨ ᠵᠤᠤᠬ᠎ᠠ ᠶᠢᠨ ᠡᠷᠭᠢᠨ ᠲᠣᠭᠤᠷᠢᠨ ᠳᠤ ᠲᠤᠰᠣᠨ ᠯᠣᠩᠬᠤ᠂ ᠠᠷᠢᠬᠢᠨ ᠯᠣᠩᠬᠤ᠂ ᠪᠠᠭᠰᠤᠷᠭ᠎ᠠ ᠶᠢᠨ ᠯᠣᠩᠬᠤ ᠵᠡᠷᠭᠡ ᠲᠣᠭᠤᠭᠠᠨ ᠭᠡᠷ ᠲᠤ ᠦᠷᠭᠦᠯᠵᠢ ᠬᠡᠷᠡᠭᠯᠡᠳᠡᠭ ᠡᠯ᠎ᠡ ᠵᠦᠢᠯ ᠤᠨ ᠪᠣᠳᠠᠰ ᠢ ᠲᠠᠯᠪᠢᠵᠤ ᠪᠣᠯᠬᠤ ᠦᠭᠡᠢ᠃ ᠪᠠᠰᠠ ᠴᠠᠭᠠᠰᠤᠨ ᠬᠠᠶᠢᠷᠴᠠᠭ᠂ ᠬᠤᠯᠤᠰᠣᠨ ᠰᠠᠭᠰᠤ ᠵᠡᠷᠭᠡ ᠪᠣᠳᠠᠰ ᠢ ᠲᠠᠯᠪᠢᠵᠤ ᠪᠣᠯᠬᠤ ᠦᠭᠡᠢ᠂ ᠭᠠᠯ ᠭᠠᠷᠬᠤ ᠠᠴᠠ ᠵᠠᠶᠢᠯᠠᠰᠬᠢᠬᠤ ᠬᠡᠷᠡᠭᠲᠡᠢ᠃
ᠢᠷᠡᠯᠲᠡ᠄ ᠵᠡᠬᠦᠨᠭᠠᠷ ᠬᠤᠰᠢᠭᠤᠨ ᠤ ᠠᠷᠠᠳ ᠤᠨ ᠵᠠᠰᠠᠭ ᠤᠨ ᠤᠷᠳᠤᠨ