ᠨᠠᠮᠤᠷ ᠤᠨ ᠤᠯᠠᠷᠢᠯ ᠭᠠᠭ᠋ᠠᠢ ᠲᠡᠵᠢᠭᠡᠬᠦ ᠳᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2023/9/29
       ᠨᠢᠭᠡ᠂ ᠬᠦᠢᠲᠡᠨ ᠠᠴᠠ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠠᠭᠠᠭᠢᠮ᠎ᠠ ᠬᠠᠯᠠᠭᠤᠨ ᠵᠣᠨ ᠠᠴᠠ ᠰᠡᠷᠢᠭᠦᠨ ᠨᠠᠮᠤᠷ ᠤᠨ ᠤᠯᠠᠷᠢᠯ ᠪᠣᠯᠲᠠᠯ᠎ᠠ᠂ ᠠᠭᠠᠷ ᠤᠨ ᠳᠤᠯᠠᠭᠠᠨ ᠤ ᠪᠠᠭᠤᠷᠠᠯᠲᠠ ᠨᠡᠯᠢᠶᠡᠳ ᠶᠡᠭᠡ ᠪᠠᠶᠢᠵᠤ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠨᠢ ᠨᠠᠩ ᠴᠤ 10℃ ᠬᠦᠷᠴᠦ᠂ ᠭᠠᠭ᠋ᠠᠢ ᠶᠢᠨ ᠥᠰᠦᠯᠲᠡ ᠪᠤᠶᠢᠵᠢᠯᠲᠠ ᠶᠢ ᠵᠣᠬᠢᠬᠤ ᠬᠡᠮᠵᠢᠶ᠎ᠡ ᠪᠠᠷ ᠨᠥᠯᠥᠭᠡᠯᠡᠳᠡᠭ᠃ ᠡᠶᠢᠮᠦ ᠠᠴᠠ ᠵᠣᠬᠢᠰᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠭᠠᠭ᠋ᠠᠢ ᠶᠢᠨ ᠬᠠᠰᠢᠶ᠎ᠠ ᠶᠢᠨ ᠳᠤᠯᠠᠭᠠᠨ ᠤ ᠬᠡᠮᠵᠢᠶ᠎ᠡ ᠶᠢ ᠰᠠᠶᠢᠲᠤᠷ ᠬᠢᠵᠠᠭᠠᠷᠯᠠᠵᠤ᠂ ᠭᠠᠭ᠋ᠠᠢ ᠪᠠ ᠲᠣᠷᠣᠢ ᠶᠢᠨ ᠳᠤᠯᠠᠭᠠᠨ ᠤ ᠬᠡᠮᠵᠢᠶ᠎ᠡ ᠶᠢ ᠬᠠᠮᠤᠭ ᠤᠨ ᠲᠣᠬᠢᠷᠠᠮᠵᠢᠲᠠᠢ ᠡᠵᠡᠮᠰᠢᠬᠦ ᠬᠡᠷᠡᠭᠲᠡᠢ᠃ ᠪᠣᠳᠠᠲᠠᠢ ᠠᠷᠭ᠎ᠠ ᠬᠡᠮᠵᠢᠶ᠎ᠡ ᠨᠢ᠄ 1. ᠡᠭᠦᠳᠡ ᠴᠣᠩᠬᠤ ᠪᠠᠨ ᠰᠠᠶᠢᠲᠤᠷ ᠵᠠᠰᠠᠵᠤ᠂ ᠰᠠᠯᠬᠢ ᠨᠡᠪᠲᠡᠷᠡᠬᠦ ᠠᠴᠠ ᠰᠡᠷᠭᠡᠶᠢᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠡᠪᠡᠰᠦ ᠪᠤᠶᠤ ᠨᠢᠮᠭᠡᠨ ᠰᠦᠯᠢᠶᠥᠦ ᠪᠦᠷᠬᠦᠭᠦᠯ ᠵᠡᠷᠭᠡ ᠶᠢ ᠬᠡᠷᠡᠭᠯᠡᠵᠦ ᠪᠣᠯᠣᠨ᠎ᠠ᠃ 2. ᠭᠠᠭ᠋ᠠᠢ ᠶᠢᠨ ᠬᠠᠰᠢᠶᠠᠨ ᠳᠣᠲᠣᠷ᠎ᠠ ᠬᠠᠭᠤᠷᠠᠢ ᠡᠪᠡᠰᠦ ᠳᠡᠪᠢᠰᠴᠦ᠂ ᠴᠢᠭᠢᠭ ᠨᠦᠢᠲᠠᠨ ᠠᠴᠠ ᠰᠡᠷᠭᠡᠶᠢᠯᠡᠨ᠎ᠡ᠃ 3. ᠨᠥᠬᠦᠴᠡᠯ ᠲᠠᠢ ᠪᠣᠯ ᠳᠤᠯᠠᠭᠠᠯᠠᠭ᠎ᠠ᠂ ᠤᠯᠠᠭᠠᠨ ᠤ ᠭᠠᠳᠠᠨᠠᠬᠢ ᠲᠤᠶᠠᠭ᠎ᠠ ᠶᠢᠨ ᠳ᠋ᠧᠩ ᠤᠨ ᠫᠣᠣᠰᠠ ᠶᠢ ᠬᠡᠷᠡᠭᠯᠡᠬᠦ ᠪᠤᠶᠤ ᠭᠠᠭ᠋ᠠᠢ ᠶᠢᠨ ᠬᠠᠰᠢᠶ᠎ᠠ ᠶᠢᠨ ᠰᠠᠯᠬᠢ ᠬᠠᠯᠬᠠᠯᠠᠬᠤ ᠨᠢᠭᠡ ᠥᠨᠴᠥᠭ ᠲᠤ ᠬᠦᠯᠡᠮᠵᠢ ᠪᠠᠶᠢᠭᠤᠯᠵᠤ ᠪᠣᠯᠣᠨ᠎ᠠ᠃ ᠬᠦᠯᠡᠮᠵᠢ ᠶᠢᠨ ᠶᠡᠭᠡ ᠪᠠᠭ᠎ᠠ ᠶᠢ ᠭᠠᠭ᠋ᠠᠢ ᠶᠢᠨ ᠰᠠᠷᠠᠪᠴᠢ ᠶᠢᠨ ᠲᠠᠯᠠᠪᠠᠶ ᠶᠢᠨ ᠣᠯᠠᠨ ᠴᠥᠭᠡᠨ ᠢᠶᠠᠷ ᠲᠣᠭᠲᠠᠭᠠᠵᠤ᠂ 1 ᠮᠧᠲᠷ ᠣᠷᠴᠢᠮ ᠤᠨ ᠬᠡᠷᠡᠮ ᠢ ᠪᠠᠷᠢᠭᠠᠳ ᠨᠢᠭᠡ ᠵᠢᠵᠢᠭ ᠬᠠᠭᠠᠯᠭ᠎ᠠ ᠦᠯᠡᠳᠡᠭᠡᠵᠦ ᠭᠠᠭ᠋ᠠᠢ ᠶᠢ ᠴᠢᠯᠦᠭᠡᠲᠡᠢ ᠣᠷᠣᠭᠤᠯᠵᠤ ᠳᠡᠭᠡᠷ᠎ᠡ ᠲᠠᠯ᠎ᠠ ᠶᠢ ᠨᠢ ᠲᠤᠲᠤᠷᠭᠠᠨ ᠡᠪᠡᠰᠦ ᠪᠠᠷ ᠴᠢᠩᠭ᠎ᠠ ᠳᠠᠷᠤᠵᠤ᠂ ᠳᠣᠲᠣᠷ᠎ᠠ ᠲᠠᠯ᠎ᠠ ᠳᠤ ᠨᠢ ᠬᠠᠭᠤᠷᠠᠢ ᠡᠪᠡᠰᠦ ᠳᠡᠪᠢᠰᠦᠨ᠎ᠡ᠃ ᠨᠥᠬᠦᠴᠡᠯ ᠦᠭᠡᠢ ᠪᠣᠯ ᠰᠦᠯᠢᠶᠥᠦ ᠪᠥᠰ᠂ ᠭᠠᠯ ᠲᠦᠯᠡᠬᠦ ᠵᠤᠤᠬ᠎ᠠ ᠵᠡᠷᠭᠡ ᠠᠷᠭ᠎ᠠ ᠶᠢ ᠬᠡᠷᠡᠭᠯᠡᠵᠦ᠂ ᠭᠠᠭ᠋ᠠᠢ ᠶᠢᠨ ᠰᠠᠷᠠᠪᠴᠢ ᠶᠢ ᠲᠣᠬᠢᠷᠠᠮᠵᠢᠲᠠᠢ ᠣᠷᠴᠢᠨ ᠲᠣᠭᠤᠷᠢᠨ ᠤ ᠳᠤᠯᠠᠭᠠᠨ ᠤ ᠬᠡᠮᠵᠢᠶ᠎ᠡ ᠲᠠᠢ ᠪᠠᠶᠢᠯᠭᠠᠨ᠎ᠠ᠃ ᠬᠤᠶᠠᠷ᠂ ᠲᠡᠵᠢᠭᠡᠯ ᠪᠣᠷᠳᠣᠭᠠᠨ ᠤ ᠰᠢᠮ᠎ᠡ ᠲᠡᠵᠢᠭᠡᠯ ᠢ ᠲᠣᠬᠢᠷᠠᠭᠤᠯᠤᠨ᠎ᠠ᠃ ᠨᠠᠮᠤᠷ ᠤᠨ ᠤᠯᠠᠷᠢᠯ ᠳᠤ ᠭᠠᠭ᠋ᠠᠢ ᠲᠡᠵᠢᠭᠡᠬᠦ ᠳᠡᠭᠡᠨ ᠡᠩ ᠤᠨ ᠲᠡᠵᠢᠭᠡᠯ ᠪᠣᠷᠳᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ ᠠᠴᠠ ᠭᠠᠳᠠᠨ᠎ᠠ ᠪᠠᠰᠠ ᠭᠠᠭ᠋ᠠᠢ ᠶᠢᠨ ᠲᠡᠵᠢᠭᠡᠯ ᠪᠣᠷᠳᠤᠭ᠎ᠠ ᠶᠢ ᠨᠥᠭᠡᠴᠡᠯᠡᠬᠦ ᠪᠠ ᠪᠣᠷᠳᠣᠵᠤ ᠲᠠᠷᠭᠤᠯᠠᠭᠤᠯᠬᠤ ᠪᠠ ᠲᠠᠷᠭᠤᠯᠠᠭᠤᠯᠬᠤ ᠠᠵᠢᠯ ᠢ ᠰᠠᠶᠢᠨ ᠬᠢᠬᠦ ᠬᠡᠷᠡᠭᠲᠡᠢ᠃ ᠨᠠᠮᠤᠷ ᠡᠪᠦᠯ ᠤᠨ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠲᠡᠵᠢᠭᠡᠯ ᠪᠣᠷᠳᠣᠭᠠᠨ ᠤ ᠨᠠᠶᠢᠷᠠᠯᠭ᠎ᠠ ᠶᠢ ᠲᠣᠬᠢᠷᠠᠭᠤᠯᠵᠤ᠂ ᠲᠡᠵᠢᠭᠡᠯ ᠪᠣᠷᠳᠣᠭᠠᠨ ᠤ ᠰᠢᠮ᠎ᠡ ᠲᠡᠵᠢᠭᠡᠯ ᠢ ᠨᠡᠮᠡᠭᠳᠡᠭᠦᠯᠬᠦ ᠶᠢᠨ ᠭᠤᠣᠯᠳᠠᠯᠭ᠎ᠠ ᠨᠢ ᠡᠨᠧᠷᠭᠢ ᠶᠢᠨ ᠲᠡᠵᠢᠭᠡᠯ ᠪᠣᠷᠳᠤᠭ᠎ᠠ ᠶᠢ ᠨᠡᠮᠡᠭᠳᠡᠭᠦᠯᠵᠦ᠂ ᠭᠠᠭ᠋ᠠᠢ ᠶᠢᠨ ᠢᠳᠡᠰᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃       ᠲᠡᠵᠢᠭᠡᠯ ᠪᠣᠷᠳᠣᠭᠠᠨ ᠳᠠᠬᠢ ᠡᠷᠳᠡᠨᠢ ᠰᠢᠰᠢ ᠶᠢᠨ ᠬᠠᠷᠢᠴᠠᠯ ᠢ 60%᠎ ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠵᠦ᠂ ᠨᠥᠬᠦᠴᠡᠯ ᠲᠠᠢ ᠳᠤ ᠨᠢ ᠪᠠᠰᠠ 1%᠎ ᠶᠢᠨ ᠤᠷᠭᠤᠮᠠᠯ ᠤᠨ ᠲᠣᠰᠣ ᠨᠡᠮᠡᠨ᠎ᠡ᠂ ᠢᠩᠭᠢᠪᠡᠯ ᠭᠠᠭ᠋ᠠᠢ ᠶᠢᠨ ᠥᠰᠦᠯᠲᠡ ᠶᠢᠨ ᠬᠡᠷᠡᠭᠴᠡᠭᠡ ᠳᠤ ᠨᠡᠩ ᠲᠣᠬᠢᠷᠠᠮᠵᠢᠲᠠᠢ᠃ ᠭᠤᠷᠪᠠ᠂ ᠬᠠᠷᠢᠶᠠᠲᠤ ᠣᠷᠣᠨ ᠤ ᠬᠢᠵᠢᠭ ᠢ ᠰᠡᠷᠭᠡᠶᠢᠯᠡᠬᠦ ᠶᠢ ᠴᠢᠩᠭᠠᠳᠬᠠᠵᠤ᠂ ᠬᠠᠯᠳᠠᠪᠤᠷᠢᠲᠤ ᠡᠪᠡᠳᠴᠢᠨ ᠤ ᠳᠡᠯᠭᠡᠷᠡᠬᠦ ᠣᠨᠴᠠᠯᠢᠭ ᠢ ᠦᠨᠳᠦᠰᠦᠯᠡᠵᠦ ᠨᠠᠮᠤᠷ ᠤᠨ ᠤᠯᠠᠷᠢᠯ ᠳᠤ ᠶᠡᠭᠡ ᠬᠡᠪᠴᠢᠶᠡᠨ ᠤ ᠬᠠᠯᠳᠠᠪᠤᠷᠢᠲᠤ ᠡᠪᠡᠳᠴᠢᠨ ᠠᠮᠠᠷᠬᠠᠨ ᠡᠭᠦᠰᠳᠡᠭ᠃ ᠭᠡᠪᠡᠴᠦ ᠠᠭᠠᠷ ᠤᠨ ᠳᠤᠯᠠᠭᠠᠨ ᠣᠯᠠᠨ ᠬᠤᠪᠢᠷᠠᠯᠲᠠ ᠲᠠᠢ᠂ ᠭᠠᠭ᠋ᠠᠢ ᠶᠢᠨ ᠡᠪᠡᠳᠴᠢᠨ ᠢ ᠠᠮᠠᠷᠬᠠᠨ ᠡᠭᠦᠰᠬᠡᠳᠡᠭ᠂ ᠡᠶᠢᠮᠦ ᠠᠴᠠ ᠬᠢᠵᠢᠭ ᠢ ᠰᠡᠷᠭᠡᠶᠢᠯᠡᠬᠦ ᠳᠦᠷᠢᠮ ᠶᠣᠰᠣᠭᠠᠷ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ ᠭᠠᠭ᠋ᠠᠢ ᠶᠢᠨ ᠠᠭᠤᠰᠬᠢᠨ ᠤ ᠬᠢᠵᠢᠭ᠂ ᠭᠠᠭ᠋ᠠᠢ ᠶᠢᠨ ᠬᠢᠵᠢᠭ᠂ ᠭᠠᠭ᠋ᠠᠢ ᠶᠢᠨ ᠭᠠᠯ ᠬᠠᠪᠤᠳᠠᠷ᠂ ᠭᠠᠭ᠋ᠠᠢ ᠶᠢᠨ ᠠᠭᠤᠰᠬᠢᠨ ᠤ ᠦᠷᠪᠢᠰᠦᠯ᠂ ᠭᠠᠭ᠋ᠠᠢ ᠶᠢᠨ ᠲᠠᠬᠤᠯ ᠲᠠᠭᠰᠢᠭᠤᠷ ᠵᠡᠷᠭᠡ 5 ᠵᠦᠢᠯ ᠤᠨ ᠬᠠᠯᠳᠠᠪᠤᠷᠢᠲᠤ ᠡᠪᠡᠳᠴᠢᠨ ᠢ ᠭᠤᠣᠯᠳᠠᠯᠭ᠎ᠠ ᠲᠠᠢ ᠪᠠᠷ ᠰᠡᠷᠭᠡᠶᠢᠯᠡᠬᠦ ᠬᠡᠷᠡᠭᠲᠡᠢ᠂ ᠡᠭᠦᠨ ᠠᠴᠠ ᠭᠠᠳᠠᠨ᠎ᠠ ᠪᠠᠰᠠ ᠤᠯᠠᠭᠠᠨ ᠡᠰ ᠤᠨ ᠪᠡᠶ᠎ᠡ ᠶᠢᠨ ᠡᠪᠡᠳᠴᠢᠨ᠂ ᠭᠠᠭ᠋ᠠᠢ ᠶᠢᠨ ᠬᠢᠮᠤᠷᠠᠭ᠎ᠠ᠂ ᠭᠠᠭ᠋ᠠᠢ ᠶᠢᠨ ᠭᠢᠨᠵᠢᠯᠢᠭ ᠪᠥᠮᠪᠥᠭᠡᠨ ᠪᠠᠺᠲ᠋ᠧᠷᠢᠲᠦ ᠡᠪᠡᠳᠴᠢᠨ᠂ ᠬᠠᠯᠳᠠᠪᠤᠷᠢᠲᠤ ᠴᠢᠨᠠᠷᠲᠠᠢ ᠬᠤᠳᠣᠭᠤᠳᠤ ᠭᠡᠳᠡᠰᠦᠨ ᠤ ᠦᠷᠪᠢᠰᠦᠯ ᠵᠡᠷᠭᠡ ᠡᠪᠡᠳᠴᠢᠨ ᠡᠮᠭᠡᠭ ᠡᠭᠦᠰᠬᠦ ᠶᠢ ᠠᠩᠬᠠᠷᠤᠨ ᠰᠡᠷᠭᠡᠶᠢᠯᠡᠬᠦ ᠬᠡᠷᠡᠭᠲᠡᠢ᠃ ᠭᠠᠭ᠋ᠠᠢ ᠲᠡᠵᠢᠭᠡᠬᠦ ᠡᠷᠦᠬᠡ ᠪᠠᠰᠠ ᠭᠠᠭ᠋ᠠᠢ ᠶᠢᠨ ᠬᠠᠰᠢᠶ᠎ᠠ ᠶᠢ ᠴᠡᠪᠡᠷᠯᠡᠬᠦ ᠪᠠ ᠠᠷᠢᠭᠤᠳᠬᠠᠬᠤ ᠠᠵᠢᠯ ᠢ ᠴᠢᠩᠭᠠᠳᠬᠠᠵᠤ᠂ ᠡᠩ ᠤᠨ ᠪᠠᠶᠢᠳᠠᠯ ᠳᠤ ᠡᠳᠦᠷ ᠪᠦᠷᠢ ᠨᠢᠭᠡ ᠤᠳᠠᠭ᠎ᠠ ᠬᠠᠰᠢᠶ᠎ᠠ ᠶᠢ ᠴᠡᠪᠡᠷᠯᠡᠵᠦ᠂ 3 ᠡᠳᠦᠷ ᠲᠤ ᠨᠢᠭᠡ ᠤᠳᠠᠭ᠎ᠠ ᠠᠷᠢᠭᠤᠳᠬᠠᠵᠤ ᠪᠠᠺᠲ᠋ᠧᠷᠢ ᠡᠭᠦᠰᠬᠦ ᠠᠴᠠ ᠰᠡᠷᠭᠡᠶᠢᠯᠡᠨ᠎ᠡ᠃ ᠳᠥᠷᠪᠡ᠂ ᠭᠠᠭ᠋ᠠᠢ ᠶᠢᠨ ᠬᠠᠰᠢᠶ᠎ᠠ ᠶᠢᠨ ᠰᠠᠯᠬᠢ ᠨᠡᠪᠲᠡᠷᠡᠬᠦ ᠶᠢ ᠠᠩᠬᠠᠷᠬᠤ ᠬᠡᠷᠡᠭᠲᠡᠢ᠃ ᠭᠠᠭ᠋ᠠᠢ ᠶᠢᠨ ᠰᠠᠷᠠᠪᠴᠢ ᠶᠢᠨ ᠳᠤᠯᠠᠭᠠᠨ ᠢ ᠬᠠᠮᠠᠭᠠᠯᠠᠬᠤ ᠶᠢᠨ ᠬᠠᠮᠲᠤ ᠪᠠᠰᠠ ᠰᠠᠯᠬᠢ ᠵᠢᠪᠠᠷ ᠨᠡᠪᠲᠡᠷᠡᠭᠦᠯᠬᠦ ᠶᠢ ᠠᠩᠬᠠᠷᠴᠤ ᠠᠭᠠᠷ ᠤᠨ ᠪᠣᠬᠢᠷᠲᠤᠯ ᠢ ᠰᠡᠷᠭᠡᠶᠢᠯᠡᠬᠦ ᠬᠡᠷᠡᠭᠲᠡᠢ᠃ ᠰᠠᠯᠬᠢ ᠨᠡᠪᠲᠡᠷᠡᠭᠦᠯᠦᠨ ᠠᠭᠠᠷ ᠰᠣᠯᠢᠯᠴᠠᠬᠤ ᠶᠢᠨ ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠪᠣᠯ ᠰᠠᠷᠠᠪᠴᠢ ᠶᠢᠨ ᠣᠷᠣᠢ ᠳᠡᠭᠡᠷ᠎ᠡ ᠰᠠᠯᠬᠢ ᠨᠡᠪᠲᠡᠷᠡᠬᠦ ᠨᠦᠬᠡ ᠭᠠᠷᠭᠠᠬᠤ ᠶᠠᠪᠤᠳᠠᠯ ᠪᠣᠯᠣᠨ᠎ᠠ᠃       ᠭᠡᠪᠡᠴᠦ ᠰᠠᠯᠬᠢ ᠨᠡᠪᠲᠡᠷᠡᠬᠦ ᠳᠤ ᠬᠢᠵᠠᠭᠠᠷᠯᠠᠯ ᠲᠠᠢ ᠪᠠᠶᠢᠬᠤ ᠬᠡᠷᠡᠭᠲᠡᠢ᠂ ᠲᠤᠩᠭᠠᠯᠠᠭ ᠡᠳᠦᠷ ᠢᠯᠡᠭᠦᠦ ᠰᠠᠯᠬᠢ ᠨᠠᠪᠲᠠᠷᠡᠭᠦᠯᠵᠦ ᠪᠦᠷᠬᠦᠭ ᠪᠣᠷᠣᠭᠠᠨ ᠲᠠᠢ ᠡᠳᠦᠷ ᠪᠠᠭ᠎ᠠ ᠰᠠᠯᠬᠢ ᠨᠡᠪᠲᠡᠷᠡᠭᠦᠯᠦᠨ᠎ᠡ᠂ ᠴᠠᠭ ᠤᠨ ᠲᠠᠯ᠎ᠠ ᠪᠠᠷ ᠠᠭᠠᠷ ᠤᠨ ᠳᠤᠯᠠᠭᠠᠨ ᠨᠡᠯᠢᠶᠡᠳ ᠥᠨᠳᠥᠷ ᠴᠠᠭ ᠢ ᠰᠣᠩᠭᠤᠵᠤ ᠰᠠᠯᠬᠢ ᠨᠡᠪᠲᠡᠷᠡᠭᠦᠯᠦᠨ᠎ᠡ᠂ ᠶᠡᠷᠦ ᠳᠡᠭᠡᠨ ᠦᠳᠡ ᠶᠢᠨ ᠡᠮᠦᠨ᠎ᠡ ᠶᠢᠨ 10 ᠴᠠᠭ ᠠᠴᠠ ᠦᠳᠡ ᠶᠢᠨ ᠬᠤᠶᠢᠨ᠎ᠠ ᠶᠢᠨ 3 ᠴᠠᠭ ᠬᠦᠷᠲᠡᠯᠡᠬᠢ ᠬᠤᠭᠤᠴᠠᠭᠠᠨ ᠳᠤ ᠪᠦᠷ ᠰᠠᠯᠬᠢ ᠨᠡᠪᠲᠡᠷᠡᠭᠦᠯᠬᠦ ᠬᠠᠮᠤᠭ ᠤᠨ ᠰᠠᠶᠢᠨ ᠴᠠᠭ ᠪᠣᠯᠣᠨ᠎ᠠ᠃ ᠲᠠᠪᠤ᠂ ᠲᠡᠵᠢᠭᠡᠯ ᠪᠣᠷᠳᠣᠭᠠᠨ ᠳᠤ ᠬᠤᠣᠷᠳᠠᠭᠳᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠨᠠᠮᠤᠷ ᠤᠨ ᠤᠯᠠᠷᠢᠯ ᠳᠤ ᠪᠣᠷᠣᠭᠠᠨ ᠡᠯᠪᠡᠭ ᠤᠴᠢᠷ ᠠᠴᠠ ᠨᠣᠭᠤᠭᠠᠨ ᠪᠣᠷᠳᠤᠭ᠎ᠠ ᠶᠢ ᠬᠡᠳᠦ ᠠᠷᠪᠢᠨ ᠬᠤᠷᠢᠶᠠᠭᠠᠳ᠂ ᠵᠣᠬᠢᠰᠲᠠᠢ ᠬᠠᠳᠠᠭᠠᠯᠠᠬᠤ ᠦᠭᠡᠢ ᠪᠣᠯ ᠠᠮᠠᠷᠬᠠᠨ ᠢᠯᠵᠢᠷᠡᠵᠦ᠂ ᠬᠡᠳᠦᠷᠡᠬᠡᠢ ᠤᠳᠠᠭᠠᠨ ᠣᠪᠣᠭᠠᠯᠠᠭᠰᠠᠨ ᠠᠴᠠ ᠬᠥᠬᠡ ᠡᠪᠡᠰᠦᠨ ᠳᠤ ᠠᠭᠤᠯᠤᠭᠳᠠᠵᠤ ᠪᠠᠶᠢᠭ᠎ᠠ ᠠᠽᠣᠲ ᠬᠦᠴᠢᠯ ᠤᠨ ᠳᠠᠪᠤᠰᠤ ᠨᠢ ᠶᠡᠭᠡ ᠬᠤᠣᠷᠲᠠᠢ ᠳᠤᠲᠠᠭᠤ ᠠᠽᠣᠲ ᠬᠦᠴᠢᠯ ᠤᠨ ᠳᠠᠪᠤᠰᠤ ᠪᠣᠯᠵᠤ ᠪᠦᠷᠢᠯᠳᠦᠨ᠎ᠡ᠂ ᠬᠡᠷᠪᠡ ᠭᠠᠭ᠋ᠠᠢ ᠢᠳᠡᠪᠡᠯ ᠬᠤᠣᠷᠳᠠᠭᠳᠠᠬᠤ ᠪᠤᠶᠤ ᠬᠦᠨᠳᠦ ᠨᠣᠴᠢᠲᠠᠢ ᠬᠦᠴᠢᠯᠲᠥ᠋ᠷᠥᠭᠴᠢ ᠳᠤᠲᠠᠭᠳᠠᠭᠰᠠᠨ ᠠᠴᠠ ᠪᠣᠯᠵᠤ ᠪᠦᠲᠡᠵᠦ ᠦᠬᠦᠳᠡᠭ᠃ 
ᠢᠷᠡᠯᠲᠡ᠄ ᠵᠡᠬᠦᠨᠭᠠᠷ ᠬᠤᠰᠢᠭᠤᠨ ᠤ ᠠᠷᠠᠳ ᠤᠨ ᠵᠠᠰᠠᠭ ᠤᠨ ᠤᠷᠳᠤᠨ