ᠶᠠᠭᠤᠨ ᠳᠤ ᠰᠡᠳᠬᠢᠴᠡ ᠶᠢᠨ ᠡᠷᠡᠭᠦᠯ ᠮᠡᠨᠳᠦ ᠪᠠ ᠤᠶᠤᠨ ᠤ ᠡᠷᠡᠭᠦᠯ ᠬᠠᠮᠠᠭᠠᠯᠠᠯ ᠢ ᠴᠢᠬᠤᠯᠠᠴᠢᠯᠠᠬᠤ ᠪᠤᠢ︖
ᠨᠡᠶᠢᠲᠡᠯᠡᠭᠰᠡᠨ ᠴᠠᠭ᠄
2023/9/29
      ᠶᠡᠷᠤᠩᠭᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠡᠭᠡᠨ᠂ ︽ᠰᠡᠳᠬᠢᠴᠡ ᠶᠢᠨ ᠡᠷᠡᠬᠦᠯ ᠮᠡᠨᠳᠦ ᠪᠠ ᠤᠶᠤᠨ ᠤ ᠡᠷᠡᠭᠦᠯ ᠬᠠᠮᠠᠭᠠᠯᠠᠯ ᠢ ᠴᠢᠬᠤᠯᠠᠴᠢᠯᠠᠬᠤ ᠬᠡᠷᠡᠭᠲᠡᠢ︾ ᠭᠡᠵᠤ ᠳᠤᠷᠠᠳᠤᠨ ᠭᠠᠷᠭᠠᠵᠠᠢ᠃ ᠤᠶᠢᠷ᠎ᠠ ᠶᠢᠨ ᠵᠢᠯ ᠤᠳ ᠲᠤ᠂ ᠰᠡᠳᠬᠢᠴᠡ ᠶᠢᠨ ᠡᠷᠡᠭᠦᠯ ᠮᠡᠨᠳᠦ ᠪᠠ ᠤᠶᠤᠨ ᠤ ᠡᠷᠡᠭᠦᠯ ᠬᠠᠮᠠᠭᠠᠯᠠᠯ ᠤᠨ ᠠᠵᠢᠯ ᠢ ᠪᠦᠬᠦ ᠤᠯᠤᠰ ᠤᠨ ᠦᠬᠡᠷᠡᠴᠢᠯᠡᠯᠲᠡ ᠶᠢ ᠬᠦᠨᠵᠡᠬᠡᠶᠢᠷᠡᠬᠦᠯᠬᠦ ᠪᠠ ᠨᠡᠶᠢᠬᠡᠮ ᠤᠨ ᠶᠡᠷᠤᠩᠭᠡᠶᠢᠯᠡᠨ ᠵᠠᠰᠠᠬᠤ ᠬᠦᠷᠢᠶ᠎ᠡ ᠬᠡᠪᠴᠢᠶᠡᠨ ᠳᠤ ᠤᠷᠤᠭᠤᠯᠵᠤ᠂ ᠤᠯᠤᠰ ᠤᠨ ᠰᠡᠳᠬᠢᠴᠡ ᠶᠢᠨ ᠡᠷᠡᠭᠦᠯ ᠮᠡᠨᠳᠦ ᠪᠠ ᠤᠶᠤᠨ ᠤ ᠡᠷᠡᠭᠦᠯ ᠬᠠᠮᠠᠭᠠᠯᠠᠯ ᠤᠨ ᠰᠡᠷᠭᠡᠶᠢᠯᠡᠨ ᠵᠠᠰᠠᠬᠤ ᠲᠦᠪ ᠢ ᠪᠠᠶᠢᠭᠤᠯᠣᠨ᠂ ᠨᠡᠶᠢᠬᠡᠮ ᠤᠨ ᠰᠡᠳᠬᠢᠴᠡ ᠶᠢᠨ ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠲᠠ ᠶᠢ ᠦᠷᠨᠢᠬᠦᠯᠵᠤ᠂ ᠪᠦᠬᠦ ᠬᠦᠮᠦᠰ ᠢ ᠬᠠᠮᠤᠷᠤᠭᠰᠠᠨ ᠨᠡᠶᠢᠬᠡᠮ ᠤᠨ ᠰᠡᠳᠬᠢᠴᠡ ᠶᠢᠨ ᠦᠢᠯᠡᠴᠢᠯᠡᠬᠡᠨ ᠤ ᠬᠡᠪ ᠵᠠᠭᠪᠤᠷ ᠪᠠ ᠠᠵᠢᠯ ᠤᠨ ᠲᠤᠭᠲᠠᠴᠠ ᠶᠢ ᠬᠠᠶᠢᠨ ᠰᠦᠪᠡᠭᠴᠢᠯᠡᠪᠡ᠃ ᠬᠡᠪᠡᠴᠤ ᠡᠬᠢ ᠪᠠᠶᠠᠯᠢᠭ ᠤᠨ ᠪᠦᠲᠦᠴᠡ ᠶᠢᠨ ᠲᠠᠷᠬᠠᠯᠲᠠ ᠪᠠ ᠦᠢᠯᠡᠴᠢᠯᠡᠬᠡᠨ ᠤ ᠶᠠᠰᠤ ᠴᠢᠨᠠᠷ ᠤᠨ ᠬᠢᠷᠢ ᠳᠦᠪᠰᠢᠨ ᠤ ᠲᠠᠯ᠎ᠠ ᠪᠠᠷ ᠮᠦᠨᠴᠦ 4 ᠲᠠᠯ᠎ᠠ ᠶᠢᠨ ᠳᠤᠪᠤᠶᠢᠮ᠎ᠠ ᠠᠰᠠᠭᠤᠳᠠᠯ ᠤᠷᠤᠰᠢᠵᠤ ᠪᠠᠶᠢᠨ᠎ᠠ᠃       ᠨᠢᠬᠡ ᠳᠤ᠂ ᠪᠦᠬᠦ ᠤᠯᠤᠰ ᠤᠨ ᠤᠶᠤᠨ ᠤ ᠡᠷᠡᠬᠦᠯ ᠬᠠᠮᠠᠭᠠᠯᠠᠯ ᠤᠨ 50%᠎ ᠶᠢᠨ ᠡᠬᠢ ᠪᠠᠶᠠᠯᠢᠭ ᠨᠢ ᠵᠡᠬᠦᠨ ᠬᠡᠰᠡᠭ ᠤᠨ ᠭᠠᠵᠠᠷ ᠤᠷᠤᠨ ᠳᠤ ᠲᠦᠪᠯᠡᠷᠡᠵᠤ᠂ ᠳᠤᠮᠳᠠ ᠪᠠ ᠪᠠᠷᠠᠭᠤᠨ ᠬᠡᠰᠡᠭ ᠤᠨ ᠭᠠᠵᠠᠷ ᠤᠷᠤᠨ ᠤ ᠵᠠᠷᠢᠮ ᠬᠤᠲᠠ ᠲᠤᠭᠤᠷᠢᠭ ᠲᠤ ᠤᠶᠤᠨ ᠤ ᠡᠷᠡᠬᠦᠯ ᠬᠠᠮᠠᠭᠠᠯᠠᠯ ᠤᠨ ᠡᠬᠦᠳᠡᠨ ᠡᠮᠨᠡᠯᠬᠡ ᠪᠠᠶᠢᠬᠤ ᠦᠬᠡᠢ᠃       ᠬᠤᠶᠠᠷ ᠲᠤ᠂ ᠤᠶᠤᠨ ᠤ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠲᠠᠭᠤ ᠲᠤᠨᠤᠭᠯᠠᠯ ᠪᠠ ᠴᠢᠳᠠᠪᠤᠷᠢᠲᠠᠨ ᠤ ᠬᠦᠴᠦᠨ ᠨᠡᠶᠢᠳᠡᠮ ᠳᠡᠭᠡᠨ ᠪᠠᠭᠤᠷᠠᠢ ᠪᠤᠯᠬᠤᠷ ᠡᠪᠡᠳᠴᠢᠲᠡᠨ ᠤ ᠬᠡᠷᠡᠭᠴᠡᠭᠡ ᠶᠢ ᠬᠠᠩᠭᠠᠬᠤ ᠳᠤ ᠬᠦᠴᠢᠷᠲᠡᠢ ᠪᠠᠶᠢᠨ᠎ᠠ᠃       ᠭᠤᠷᠪᠠ ᠳᠤ᠂ ᠨᠡᠶᠢᠬᠡᠮ ᠲᠤᠭᠤᠷᠢᠭ ᠤᠨ ᠡᠷᠡᠬᠦᠯᠵᠢᠯ ᠤᠨ ᠡᠬᠢ ᠪᠠᠶᠠᠯᠢᠭ ᠬᠦᠷᠦᠯᠴᠡᠬᠦ ᠦᠬᠡᠢ᠂ ᠪᠠᠲᠤᠯᠠᠭ᠎ᠠ ᠶᠢᠨ ᠬᠢᠷᠢ ᠬᠡᠮᠵᠢᠶ᠎ᠡ ᠳᠤᠤᠷ᠎ᠠ ᠵᠡᠷᠬᠡ ᠰᠢᠯᠲᠠᠭᠠᠨ ᠠᠴᠠ ᠪᠤᠯᠵᠤ᠂ ᠨᠡᠶᠢᠬᠡᠮ ᠤᠨ ᠡᠷᠡᠭᠦᠯᠵᠢᠯ ᠤᠨ ᠬᠢᠷᠢ ᠬᠡᠮᠵᠢᠶ᠎ᠡ ᠪᠠ ᠡᠮᠨᠡᠯᠬᠡ ᠶᠢᠨ ᠬᠤᠷᠢᠶ᠎ᠠ ᠠᠴᠠ ᠪᠤᠰᠤᠳ ᠡᠮᠴᠢᠯᠡᠬᠡᠨ ᠤ ᠦᠷ᠎ᠡ ᠪᠦᠲᠦᠮᠵᠢ ᠶᠢᠨ ᠲᠠᠯ᠎ᠠ ᠪᠠᠷ ᠪᠠᠰᠠ ᠢᠯᠡᠷᠬᠡᠢ ᠵᠦᠷᠢᠶ᠎ᠡ ᠲᠠᠢ ᠪᠠᠶᠢᠨ᠎ᠠ᠃       ᠳᠦᠷᠪᠡ ᠳᠤ᠂ ᠤᠳᠤᠬᠠᠨ ᠳᠤ ᠰᠡᠳᠬᠢᠴᠡ ᠶᠢᠨ ᠡᠷᠡᠬᠦᠯ ᠮᠡᠨᠳᠤ ᠶᠢᠨ ᠦᠢᠯᠡᠴᠢᠯᠡᠭᠡ ᠶᠢ ᠭᠤᠤᠯᠳᠠᠭᠤ ᠡᠮ ᠡᠮᠨᠡᠯᠭᠡ ᠡᠷᠡᠬᠦᠯ ᠬᠠᠮᠠᠭᠠᠯᠠᠯ ᠤᠨ ᠪᠤᠰᠤ ᠪᠠᠶᠢᠭᠤᠯᠤᠮᠵᠢ ᠠᠴᠠ ᠬᠠᠩᠭᠠᠵᠤ ᠪᠠᠶᠢᠭ᠎ᠠ ᠪᠤᠯᠬᠤᠷ ᠵᠠᠷᠢᠮ ᠠᠵᠢᠯᠲᠠᠨ ᠨᠢ ᠲᠤᠰᠬᠠᠢ ᠮᠡᠷᠭᠡᠵᠢᠯ ᠤᠨ ᠪᠤᠯᠪᠠᠰᠤᠷᠠᠯ ᠬᠦᠷᠲᠡᠭᠰᠡᠨ ᠦᠬᠡᠢ᠂ ᠡᠶᠢᠮᠤ ᠠᠴᠠ ᠦᠢᠯᠡᠴᠢᠯᠡᠬᠡᠨ ᠤ ᠴᠢᠳᠠᠪᠤᠷᠢ ᠨᠢ ᠬᠢᠵᠠᠭᠠᠷᠲᠠᠢ ᠪᠠᠶᠢᠳᠠᠭ᠃ 
ᠢᠷᠡᠯᠲᠡ᠄ ᠵᠡᠬᠦᠨᠭᠠᠷ ᠬᠤᠰᠢᠭᠤᠨ ᠤ ᠠᠷᠠᠳ ᠤᠨ ᠵᠠᠰᠠᠭ ᠤᠨ ᠤᠷᠳᠤᠨ